ᠤᠳᠠ ᠲᠣᠭᠤᠷᠢᠭ ︽ᠭᠤᠷᠪᠠᠨ ᠵᠦᠢᠯ ᠤᠨ ᠲᠥᠯᠥᠪᠯᠡᠭᠡ︾ ᠶᠢ ᠭᠦᠨᠵᠡᠭᠡᠶ ᠬᠡᠷᠡᠭᠵᠢᠭᠦᠯᠵᠦ᠂ ᠬᠠᠷᠢᠯᠴᠠᠨ | ᠰᠢᠭᠢᠳᠬᠡᠬᠦ ᠮᠠᠶ᠋ᠢᠭ ᠤᠨ ᠨᠡᠶᠢᠭᠡᠮ ᠤᠨ ᠪᠦᠲᠦᠴᠡ ᠪᠣᠯᠤᠨ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ | ᠢᠳᠡᠪᠬᠢᠲᠡᠢ ᠪᠠᠶᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠯ ᠢ ᠠᠬᠢᠭᠤᠯᠵᠤ᠂ ᠤᠯᠠᠭᠠᠨᠨᠠᠭᠤᠷ ᠪᠠᠯᠭᠠᠰᠤ᠂ ᠯᠢᠶᠠᠩ ᠵᠢᠶᠠ ᠭᠸᠦ ᠵᠡᠭᠡᠯᠢ ᠭᠤᠳᠤᠮᠵᠢ ᠳᠤ ᠴᠠᠭᠠᠨ | ᠰᠠᠷ᠎ᠠ ᠶᠢᠨ ᠪᠠᠷᠠᠭ᠎ᠠ ᠰᠣᠯᠢᠯᠴᠠᠬᠤ ᠨᠠᠶᠢᠷ ᠡᠷᠬᠢᠯᠡᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠡᠨᠡᠬᠦ ᠪᠠᠶᠠᠷ | ᠪᠠᠶᠠᠰᠤᠯ ᠪᠣᠯᠤᠨ ᠪᠠᠶᠠᠷ ᠪᠠᠶᠠᠰᠬᠤᠯᠠᠩᠲᠤ ᠪᠠᠶᠠᠷ ᠤᠨ ᠡᠳᠦᠷ ᠲᠤ ᠨᠢᠭᠡ ᠲᠠᠩᠬᠢᠮ ᠳᠤ ᠴᠤᠭᠯᠠᠷᠠᠭᠤᠯᠵᠤ᠂ ᠪᠠᠶᠠᠷ ᠤᠨ | ᠡᠳᠦᠷ ᠤᠨ ᠪᠠᠶᠠᠷ ᠪᠠᠭ᠋ᠠᠳᠤᠯ ᠢ ᠬᠠᠮᠲᠤᠪᠠᠷ ᠡᠳ᠋ᠯᠡᠭᠦᠯᠵᠦ᠂ ᠦᠨᠳᠦᠰᠦᠲᠡᠨ ᠤ ᠪᠦᠯᠬᠦᠮᠳᠡᠯ ᠤᠨ ᠬᠠᠶᠢᠷ᠎ᠠ ᠬᠠᠯᠠᠮᠵᠢ ᠶᠢ | ᠮᠡᠳᠡᠷᠡᠭᠦᠯᠪᠡ᠃ | ᠴᠠᠭᠠᠨ ᠰᠠᠷ᠎ᠠ ᠶᠢᠨ ᠪᠠᠷᠠᠭᠠᠨ ᠤ ᠪᠠᠶᠠᠷ ᠤᠨ ᠲᠤᠬᠠᠢ ᠶᠢᠨ ᠲᠠᠯᠠᠪᠠᠢ ᠳᠤ ᠣᠷᠣᠬᠤ ᠳᠤ᠂ ᠶᠠᠭ ᠯᠠ ᠨᠢᠭᠡᠨ ᠪᠠᠶᠠᠷ | ᠪᠠᠶᠠᠰᠬᠤᠯᠠᠩᠲᠤ ᠲᠠᠯᠠᠢ ᠲᠠᠩᠭᠢᠰ ᠲᠤ ᠭᠠᠷᠴᠤ᠂ ᠶᠡᠷᠦ ᠪᠤᠰᠤ ᠶᠢᠨ ᠬᠦᠷ ᠬᠥᠭᠵᠢᠶᠡᠨ ᠲᠠᠢ ᠪᠠᠶᠢᠳᠠᠯ ᠬᠥᠮᠦᠰ ᠤᠨ | ᠠᠩᠬᠠᠷᠤᠯ ᠢ ᠲᠠᠲᠠᠨ᠎ᠠ᠃ ᠬᠥᠭᠵᠢᠶᠡᠨ ᠨᠠᠷᠭᠢᠶᠠᠨ ᠲᠠᠢ ᠬᠥᠮᠦᠰ ᠬᠤᠶᠢᠨ᠎ᠠ ᠬᠤᠶᠢᠨ᠎ᠠ ᠠᠴᠠ ᠪᠠᠨ ᠴᠤᠭᠯᠠᠷᠠᠵᠤ᠂ | ᠣᠯᠠᠨ ᠤ ᠴᠢᠷᠠᠶ ᠳᠤ ᠵᠣᠯ ᠵᠢᠷᠭᠠᠯ ᠤᠨ ᠢᠨᠢᠶᠡᠮᠰᠦᠭᠯᠡᠯ ᠪᠢᠯᠬᠠᠵᠤ᠂ ᠠᠵᠢᠯᠯᠠᠭ᠎ᠠ ᠶᠢᠨ ᠬᠤᠭᠤᠴᠠᠭᠠᠨ ᠳᠤ ᠪᠠᠰᠠ ᠠᠯᠢ | ᠣᠯᠠᠨ ᠰᠣᠶᠣᠯ ᠤᠨ ᠠᠵᠢᠯᠯᠠᠭ᠎ᠠ ᠥᠷᠨᠢᠭᠦᠯᠵᠦ᠂ ᠦᠬᠠᠶ ᠶᠢᠨ ᠤᠷᠠᠨ ᠪᠢᠴᠢᠯᠭᠡ ᠶᠢᠨ ᠪᠠᠭ᠋ᠠᠲᠠᠳ ᠢ ᠤᠷᠢᠵᠤ | ᠲᠤᠬᠠᠶ ᠶᠢᠨ ᠲᠠᠯᠠᠪᠤᠷ ᠲᠤ ᠬᠤᠤᠰ ᠤᠶᠠᠩᠭ᠎ᠠ᠂ ᠪᠤᠶᠠᠨ ᠥᠰᠥᠭ ᠢ ᠪᠢᠴᠢᠬᠦᠯᠵᠦ᠂ ᠦᠨ᠎ᠡ ᠲᠥᠯᠥᠪᠦᠷᠢ ᠥᠬᠡᠶ ᠪᠠᠷ | ᠰᠠᠭᠤᠭᠠᠯᠢ ᠠᠷᠠᠳ ᠲᠤ ᠬᠦᠷᠭᠡᠵᠦ᠂ ᠰᠢᠨ᠎ᠡ ᠵᠢᠯ ᠤᠨ ᠵᠥᠩᠨᠡᠯ ᠳᠡᠪᠰᠢᠭᠦᠯᠵᠦ᠂ ᠴᠠᠭᠠᠨ ᠰᠠᠷ᠎ᠠ ᠶᠢᠨ ᠪᠠᠶᠠᠷ ᠤᠨ | ᠡᠳᠦᠷ ᠤᠨ ᠠᠭᠤᠷ ᠠᠮᠢᠰᠬᠤᠯ ᠢ ᠨᠡᠮᠡᠭᠳᠡᠭᠦᠯᠵᠦ᠂ ᠬᠥᠮᠦᠰ ᠲᠤ ᠬᠤᠳᠠᠯᠳᠤᠨ ᠠᠪᠬᠤ ᠶᠢᠨ ᠬᠠᠮᠲᠤ ᠤᠯᠠᠮᠵᠢᠯᠠᠯᠲᠤ | ᠰᠣᠶᠣᠯ ᠤᠨ ᠷᠢᠳᠢ ᠰᠢᠳᠢ ᠶᠢ ᠮᠡᠳᠡᠷᠡᠭᠦᠯᠪᠡ᠃ | ᠲᠣᠰ ᠤᠳᠠᠭᠠᠨ ᠤ ᠴᠠᠭᠠᠨ ᠰᠠᠷ᠎ᠠ ᠶᠢᠨ ᠪᠠᠷᠠᠭᠠᠨ ᠤ ᠪᠠᠶᠠᠷ ᠢ ᠠᠮᠵᠢᠯᠲᠠ ᠲᠠᠢ ᠡᠷᠬᠢᠯᠡᠭᠰᠡᠨ ᠨᠢ ᠴᠠᠭᠠᠨ | ᠰᠠᠷ᠎ᠠ ᠳᠤ ᠥᠳᠬᠡᠨ ᠵᠤᠵᠠᠭᠠᠨ ᠪᠠᠶᠠᠷ ᠤᠨ ᠡᠳᠦᠷ ᠤᠨ ᠠᠭᠤᠷ ᠠᠮᠢᠰᠬᠤᠯ ᠢ ᠨᠡᠮᠡᠷᠢᠯᠡᠭᠰᠡᠨ ᠢᠶᠠᠷ ᠪᠠᠷᠠᠬᠤ ᠦᠭᠡᠢ᠂ | ᠨᠠᠩ ᠴᠤ ᠦᠨᠳᠦᠰᠦᠲᠡᠨ ᠤ ᠪᠦᠯᠬᠦᠮᠳᠡᠯ ᠤᠨ ᠠᠮᠢᠳᠤᠯᠢᠭ ᠵᠢᠷᠤᠭᠯᠠᠯ ᠪᠣᠯᠵᠤ᠂ ᠪᠠᠶᠠᠷ ᠪᠠᠶᠠᠰᠬᠤᠯᠠᠩᠲᠤ ᠡᠶ᠎ᠡ | ᠨᠠᠶᠢᠷᠠᠮᠳᠠᠭᠤ ᠠᠭᠤᠷ ᠠᠮᠢᠰᠬᠤᠯ ᠤᠨ ᠳᠤᠮᠳᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ | ᠣᠷᠣᠨ ᠢ ᠪᠠᠶᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃ | |