1 ᠰᠠᠷ᠎ᠠ ᠶᠢᠨ 21 ᠤ ᠡᠳᠦᠷ᠂ ᠤᠳᠠ ᠲᠣᠭᠤᠷᠢᠭ 2024 ᠣᠨ ᠤ ᠲᠥᠷᠥ ᠶᠢᠨ ᠨᠠᠮ ᠤᠨ ᠵᠥᠪᠯᠡᠯᠭᠡᠨ ᠤ | ᠭᠤᠤᠯᠳᠠᠯᠭ᠎ᠠ ᠲᠠᠢ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠤᠨ ᠬᠠᠷᠢᠭᠤ ᠮᠡᠳᠡᠭᠦᠯᠦᠯᠲᠡ ᠶᠢᠨ ᠬᠤᠷᠠᠯ | ᠬᠤᠷᠠᠯᠳᠤᠭᠤᠯᠵᠤ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ ᠬᠤᠷᠠᠯ ᠳᠤ ᠣᠷᠣᠯᠴᠠᠵᠤ | ᠶᠠᠷᠢᠶ᠎ᠠ ᠲᠠᠯᠪᠢᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ | ᠬᠡᠯᠲᠡᠰ ᠤᠨ ᠳᠠᠷᠤᠭ᠎ᠠ ᠵᠤᠤ ᠬᠠᠢ ᠪᠥᠸᠧ ᠬᠤᠷᠠᠯ ᠢ ᠡᠷᠬᠢᠯᠡᠪᠡ᠃ | ᠬᠤᠷᠠᠯ ᠳᠡᠭᠡᠷ᠎ᠡ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠡᠭᠦᠷ ︵ᠵᠥᠪᠯᠡᠯ︶᠂ ᠲᠣᠭᠤᠷᠢᠭ ᠤᠨ | ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠥᠯᠥᠭᠡᠯᠡᠭᠴᠢ ᠤᠷᠢᠳ ᠬᠤᠵᠢᠳ ᠶᠠᠷᠢᠶ᠎ᠠ ᠲᠠᠯᠪᠢᠵᠤ᠂ 2025 | ᠣᠨ ᠤ ᠠᠵᠢᠯ ᠳᠤ ᠰᠠᠨᠠᠯ ᠰᠠᠨᠠᠭᠤᠯᠭ᠎ᠠ ᠳᠤᠷᠠᠳᠪᠠ᠃ ᠶᠠᠨ ᠸᠧᠨ ᠯᠦᠩ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠴᠤ᠂ | ᠪᠠᠶᠢᠨ ᠪᠠᠶᠢᠨ ᠤᠯᠠᠨ ᠲᠠᠢ ᠰᠠᠨᠠᠯ ᠢᠶᠠᠨ ᠰᠣᠯᠢᠯᠴᠠᠪᠠ᠃ ᠲᠡᠷᠡ᠂ ᠤᠯᠠᠨ ᠤ ᠪᠠᠶᠢᠴᠠᠭᠠᠨ ᠰᠤᠳᠤᠯᠤᠯᠲᠠ ᠶᠢᠨ | ᠮᠡᠳᠡᠬᠦᠯᠦᠯᠳᠡ ᠨᠢ ᠤᠳᠠ ᠶᠢᠨ ᠰᠠᠭᠤᠷᠢ ᠳᠠᠪᠠᠭᠤᠯᠢᠭ᠂ ᠠᠵᠠ ᠲᠣᠬᠢᠶᠠᠯ ᠥᠷᠢᠰᠥᠯᠳᠦᠭᠡᠨ ᠢ ᠭᠦᠨᠵᠡᠭᠡᠢ ᠵᠠᠳᠠᠯᠵᠤ᠂ | ᠰᠡᠳᠦᠪ ᠰᠣᠩᠭᠤᠬᠤ ᠨᠢ ᠣᠨᠣᠪᠴᠢᠲᠠᠢ᠂ ᠶᠠᠰᠤ ᠴᠢᠨᠠᠷ ᠨᠢ ᠨᠡᠯᠢᠶᠡᠳ ᠥᠨᠳᠥᠷ ᠪᠠᠶᠢᠵᠤ᠂ ᠬᠤᠯᠪᠣᠭᠳᠠᠯ ᠪᠦᠬᠦᠢ | ᠰᠠᠯᠠᠭ᠎ᠠ ᠮᠥᠴᠢᠷ ᠨᠢᠭᠡᠴᠡ ᠶᠢᠨ ᠬᠢᠨ ᠰᠢᠰᠲ᠋ᠧᠮ ᠲᠠᠢ ᠡᠮᠬᠢᠯᠡᠵᠦ᠂ ᠨᠠᠷᠢᠨ ᠬᠢᠨᠠᠮᠠᠭᠠᠢ ᠰᠤᠳᠤᠯᠵᠤ᠂ ᠠᠷᠭᠠᠴᠠᠬᠤ | ᠪᠤᠳᠤᠯᠭ᠎ᠠ ᠰᠠᠨᠠᠭᠤᠯᠭ᠎ᠠ ᠪᠠᠨ ᠦᠨᠡᠨᠬᠦ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠣᠯᠤᠨ ᠪᠣᠳᠠᠲᠠᠢ ᠦᠷ᠎ᠡ | ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠬᠡᠯᠡᠪᠡ᠃ | ᠶᠠᠨ ᠸᠧᠨ ᠯᠦᠩ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ | ᠪᠣᠯᠤᠨ ᠨᠠᠮ ᠪᠦᠯᠦᠭ ᠤᠨ ᠪᠤᠰᠤ ᠬᠥᠮᠦᠰ ᠲᠤ ᠬᠦᠰᠡᠯ ᠡᠷᠡᠮᠡᠯᠵᠡᠯ ᠳᠤᠷᠠᠳᠴᠠᠢ᠃ ᠶᠡᠭᠡ ᠲᠠᠯ᠎ᠠ ᠠᠴᠠ ᠭᠠᠷᠳᠠᠵᠤ᠂ | ᠬᠤᠶᠠᠷ ᠶᠡᠭᠡ ᠶᠠᠪᠤᠳᠠᠯ ᠢ ᠬᠢᠨᠠᠮᠠᠭᠠᠶ ᠰᠠᠶᠢᠲᠤᠷ ᠬᠢᠬᠦ ᠶᠢᠨ ᠲᠣᠭᠤᠷᠢᠨ ᠳᠤ᠂ ︽ᠵᠢᠷᠭᠤᠭᠠᠨ ᠢᠨᠵᠧᠨᠧᠷᠢᠩ︾ ᠢ | ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠬᠦ ᠳᠤᠮᠳᠠᠬᠢ ᠡᠯ᠎ᠡ | ᠵᠦᠢᠯ ᠤᠨ ᠪᠣᠳᠠᠲᠠᠶ ᠡᠭᠦᠷᠭᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠳᠠ ᠶᠢᠨ ᠪᠣᠳᠠᠲᠤ ᠪᠠᠶᠢᠳᠠᠯ ᠲᠠᠢ | ᠤᠶᠠᠯᠳᠤᠭᠤᠯᠤᠨ᠂ ᠮᠥᠩᠭᠦᠨ ᠭᠦᠢᠯᠭᠡᠭᠡᠨ ᠢᠶᠠᠷ ᠠᠵᠤ ᠠᠬᠤᠶᠢᠯᠠᠯ ᠢ ᠲᠤᠰᠠᠯᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠰᠡᠳᠦᠪ ᠢ ᠡᠪᠳᠡᠨ ᠬᠥᠭᠵᠢᠭᠦᠯᠬᠦ᠂ ᠶᠡᠷᠦᠩᠬᠡᠶ | ᠬᠡᠯᠲᠡᠰ ᠤᠨ ᠠᠵᠤ ᠠᠬᠤᠶ ᠶᠢ ᠭᠠᠳᠠᠭᠰᠢ ᠭᠠᠷᠭᠠᠬᠤ ᠵᠡᠷᠭᠡ ᠲᠠᠯ᠎ᠠ ᠪᠠᠷ ᠬᠦᠴᠦᠯᠡᠵᠦ᠂ ᠪᠠᠶᠢᠴᠠᠭᠠᠨ ᠰᠤᠳᠤᠯᠤᠯᠲᠠ ᠶᠢ | ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠵᠤ᠂ ᠠᠯᠬᠤᠮ ᠠᠯᠬᠤᠮ ᠢᠶᠠᠷ ᠬᠦᠴᠦ ᠣᠷᠣᠭᠤᠯᠵᠤ᠂ ᠠᠷᠭᠠᠴᠠᠬᠤ | ᠪᠣᠳᠣᠯᠭ᠎ᠠ ᠰᠠᠨᠠᠭᠤᠯᠭ᠎ᠠ ᠶᠢ ᠨᠠᠩ ᠪᠣᠳᠠᠲᠠᠶ᠂ ᠨᠠᠩ ᠬᠠᠨᠳᠤᠯᠭᠠᠲᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢ | ᠦᠨᠡᠨᠬᠦ ᠪᠠᠲᠤᠯᠠᠬᠤ ᠬᠡᠷᠡᠭᠲᠡᠶ᠃ ᠨᠢᠭᠡᠳᠦᠮᠡᠯ ᠹᠷᠣᠨᠲ ᠤᠨ ᠥᠪᠡᠷᠮᠢᠴᠡ ᠳᠠᠪᠠᠭᠤᠯᠢᠭ ᠢ ᠪᠠᠳᠠᠷᠠᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠨ | ᠦᠵᠡᠯ ᠰᠠᠨᠠᠭ᠎ᠠ ᠤᠯᠤᠰ ᠲᠦᠷᠦ ᠶᠢᠨ ᠬᠦᠳᠦᠯᠦᠨ ᠳᠠᠭᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ | ︽ᠬᠡᠯᠪᠡᠷᠢ ᠲᠠᠢ︾ ︽ᠪᠦᠲᠦᠮᠵᠢᠲᠡᠢ ᠪᠠᠶᠢᠬᠤ︾ ᠲᠠᠯ᠎ᠠ ᠪᠠᠷ ᠨᠡᠩ ᠭᠦᠨᠵᠡᠭᠡᠶᠢᠷᠡᠭᠦᠯᠵᠦ᠂ ᠰᠠᠨᠠᠭᠠᠴᠢᠯᠠᠭ᠎ᠠ ᠠᠴᠠ ᠪᠠᠨ | ᠭᠡᠷ ᠲᠤᠨᠢ ᠬᠦᠷᠴᠦ ᠤᠨᠢᠨ ᠳᠡᠭᠡᠷ᠎ᠡ ᠨᠢ ᠦᠢᠯᠡᠴᠢᠯᠡᠵᠦ᠂ ᠲᠦᠷᠦ ᠶᠢᠨ ᠪᠤᠳᠤᠯᠭ᠎ᠠ ᠶᠢ ᠪᠣᠳᠠᠲᠠᠢ ᠳᠤ | ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠳᠤ ᠦᠨᠡᠨ ᠬᠦ ᠠᠰᠢᠭ ᠬᠦᠷᠲᠡᠭᠡᠵᠦ᠂ ᠡᠯ᠎ᠡ ᠲᠠᠯ᠎ᠠ ᠶᠢᠨ ᠬᠠᠮᠲᠤ ᠶᠢᠨ | ᠲᠠᠨᠢᠯᠲᠠ ᠶᠢ ᠬᠠᠮᠤᠭ ᠤᠨ ᠶᠡᠭᠡ ᠬᠡᠮᠵᠢᠶ᠎ᠡ ᠪᠠᠷ ᠨᠢᠭᠲᠠᠷᠠᠭᠤᠯᠵᠤ᠂ ᠢᠲᠡᠭᠡᠯ ᠵᠣᠷᠢᠭ ᠢ ᠬᠥᠪᠴᠢᠯᠡᠬᠦ ᠬᠡᠷᠡᠭᠲᠡᠢ᠃ | ᠲᠣᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠥᠩᠭᠡᠷᠡᠭᠰᠡᠨ ᠲᠠᠢ ᠪᠠᠨ ᠠᠳᠠᠯᠢ ᠪᠠᠷ ᠠᠷᠠᠳᠴᠢᠯᠠᠭᠰᠠᠨ | ᠨᠠᠮ ᠪᠦᠯᠦᠭ ᠤᠨ ᠲᠦᠷᠦ ᠶᠢᠨ ᠶᠠᠪᠤᠳᠠᠯ ᠳᠤ ᠣᠷᠣᠯᠴᠠᠨ ᠲᠦᠷᠦ ᠶᠢᠨ ᠬᠡᠷᠡᠭ ᠢ ᠵᠥᠪᠯᠡᠬᠦ᠂ ᠰᠠᠨᠠᠯ ᠵᠥᠪᠯᠡᠯᠭᠡ | ᠳᠤᠷᠠᠳᠤᠨ ᠠᠷᠭ᠎ᠠ ᠤᠬᠠᠭᠠᠨ ᠭᠠᠷᠭᠠᠬᠤ ᠳᠤ ᠲᠠᠪᠴᠠᠩ ᠪᠠᠶᠢᠭᠤᠯᠤᠨ ᠥᠭᠴᠦ᠂ ᠨᠥᠬᠦᠴᠡᠯ ᠪᠦᠷᠢᠯᠳᠦᠭᠦᠯᠵᠦ ᠥᠭᠬᠦ | ᠬᠡᠷᠡᠭᠲᠡᠢ᠃ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠤᠨ ᠬᠢᠨ ᠰᠡᠳᠬᠢᠯ ᠵᠢᠷᠦᠬᠡ ᠪᠠᠨ ᠬᠤᠯᠪᠣᠬᠤ ᠬᠥᠭᠦᠷᠭᠡ ᠶᠢ | ᠰᠠᠶᠢᠲᠤᠷ ᠴᠣᠭᠴᠠᠯᠠᠵᠤ᠂ ᠰᠠᠶᠢᠨ ᠳᠦᠷᠬᠦᠮ ᠤᠨ ᠬᠥᠮᠦᠨ ᠪᠤᠯᠵᠤ᠂ ᠠᠷᠠᠳᠴᠢᠯᠠᠭᠰᠠᠨ ᠨᠠᠮ ᠪᠦᠯᠦᠭ ᠤᠨ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠦᠬᠦ ᠬᠦᠴᠦᠨ ᠢᠶᠠᠷ ᠢᠶᠠᠨ ᠳᠡᠮᠵᠢᠵᠦ᠂ ᠲᠦᠷᠦ ᠶᠢᠨ ᠨᠠᠮ ᠤᠨ ᠵᠥᠪᠯᠡᠬᠦ | ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ |