ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ ︽ᠱᠦᠵᠢ ᠶᠢᠨ ᠦᠢᠯᠡᠴᠢᠯᠡᠭᠡᠨ ᠤ ᠡᠳᠦᠷ︾ ᠤᠨ ᠠᠵᠢᠯᠯᠠᠭ᠎ᠠ ᠥᠷᠨᠢᠭᠦᠯᠵᠦ᠂ ᠪᠠᠶᠠᠷ ᠤᠨ ᠡᠳᠦᠷ ᠠᠴᠠ ᠡᠮᠦᠨᠡᠬᠢ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠪᠠ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/1/23
      1 ᠰᠠᠷ᠎ᠠ ᠶᠢᠨ 22 ᠤᠨ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ ᠪᠠᠶᠠᠷ ᠤᠨ ᠡᠳᠦᠷ ᠠᠴᠠ ᠡᠮᠦᠨᠡᠬᠢ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ᠂ ᠠᠶᠤᠯᠭᠦᠢ ᠦᠢᠯᠡᠳᠪᠦᠷᠢᠯᠡᠯ᠂ ᠭᠤᠣᠯᠳᠠᠯᠭ᠎ᠠ ᠲᠠᠢ ᠲᠦᠷᠦᠯ ᠵᠦᠢᠯ ᠵᠡᠷᠭᠡ ᠠᠵᠢᠯ ᠢ ᠪᠠᠶᠢᠴᠠᠭᠠᠨ ᠰᠤᠳᠤᠯᠬᠤ ᠶᠢᠨ ᠬᠠᠮᠲᠤ ᠠᠵᠤ ᠠᠬᠤᠶᠢᠯᠠᠯ ᠢᠶᠠᠷ ᠬᠦᠷᠴᠦ ︽ᠱᠦᠵᠢ ᠶᠢᠨ ᠦᠢᠯᠡᠴᠢᠯᠡᠭᠡᠨ ᠤ ᠡᠳᠦᠷ︾ ᠤᠨ ᠠᠵᠢᠯᠯᠠᠭ᠎ᠠ ᠥᠷᠨᠢᠭᠦᠯᠪᠡ᠃      ᠷᠦᠢ ᠵᠢᠶᠧ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ ᠲᠤ᠂ ᠶᠠᠨ ᠸᠧᠨ ᠯᠦᠩ ᠨᠣᠭᠤᠭ᠎ᠠ ᠶᠢᠨ ᠦᠨ᠎ᠡ ᠬᠠᠩᠰᠢ᠂ ᠡᠵᠡᠩᠨᠡᠯᠲᠡ ᠶᠢᠨ ᠴᠠᠭ᠂ ᠵᠠᠬ᠎ᠠ ᠳᠡᠯᠭᠡᠭᠦᠷ ᠤᠨ ᠠᠵᠢᠯᠯᠠᠭᠠᠨ ᠪᠠ ᠡᠳ᠋ ᠪᠣᠳᠠᠰ ᠤᠨ ᠬᠠᠩᠭᠠᠯᠭ᠎ᠠ ᠶᠢ ᠪᠠᠲᠤᠯᠠᠭᠰᠠᠨ ᠵᠡᠷᠭᠡ ᠪᠠᠶᠢᠳᠠᠯ ᠢ ᠨᠠᠷᠢᠨ ᠠᠰᠠᠭᠤᠪᠠ᠃ ᠲᠡᠷᠡ ᠬᠡᠯᠡᠭᠰᠡᠨ ᠨᠢ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠦᠨ᠎ᠡ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠠᠷᠠᠭᠠᠨ ᠤ ᠢᠷᠡᠯᠲᠡ ᠶᠢᠨ ᠵᠣᠬᠢᠶᠠᠨ ᠪᠠᠶᠢᠭᠤᠯᠤᠯᠲᠠ ᠶᠢ ᠴᠢᠩᠭᠠᠳᠬᠠᠨ᠂ ᠬᠠᠩᠭᠠᠯᠭ᠎ᠠ ᠶᠢ ᠪᠠᠲᠤᠯᠠᠬᠤ ᠠᠷᠭ᠎ᠠ ᠵᠠᠮ ᠢ ᠰᠢᠯᠤᠭᠤᠳᠬᠠᠵᠤ᠂ ᠠᠮᠤ ᠲᠣᠰᠣ᠂ ᠮᠢᠬ᠎ᠠ᠂ ᠥᠨᠳᠡᠭᠡ᠂ ᠰᠦ᠂ ᠵᠢᠮᠢᠰ ᠨᠣᠭᠤᠭ᠎ᠠ ᠵᠡᠷᠭᠡ ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠤᠨ ᠬᠠᠩᠭᠠᠯᠭ᠎ᠠ ᠭᠦᠢᠴᠡᠳ᠂ ᠦᠨ᠎ᠡ ᠬᠠᠩᠰᠢ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠴᠠᠬᠢᠯᠭᠠᠨ ᠬᠡᠷᠡᠭᠯᠡᠬᠦ ᠬᠡᠢ ᠬᠡᠷᠡᠭᠯᠡᠬᠦ ᠠᠮᠤᠷ ᠲᠦᠪᠰᠢᠨ᠂ ᠭᠠᠯ ᠤᠨᠲᠠᠷᠠᠭᠠᠬᠤ ᠵᠠᠮ ᠤᠨ ᠲᠠᠷᠬᠠᠭᠠᠬᠤ ᠨᠥᠬᠦᠴᠡᠯ ᠵᠡᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠠᠶᠤᠯ ᠢ ᠠᠷᠢᠯᠭᠠᠨ ᠠᠷᠢᠯᠭᠠᠬᠤ ᠠᠵᠢᠯ ᠢ ᠭᠦᠨᠵᠡᠭᠡᠶ ᠥᠷᠨᠢᠭᠦᠯᠵᠦ᠂ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ ᠵᠢᠴᠢ ᠡᠷᠬᠢᠨ ᠲᠣᠭᠤᠷᠢᠨ ᠤ ᠣᠷᠴᠢᠨ ᠲᠣᠭᠤᠷᠢᠨ ᠤ ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠴᠡᠪᠡᠷ ᠴᠡᠮᠴᠡᠭᠡᠷ᠂ ᠠᠮᠤᠷ ᠲᠦᠪᠰᠢᠨ ᠡᠮᠬᠢ ᠵᠢᠷᠤᠮ ᠲᠠᠢ ᠪᠠᠷᠠᠭ᠎ᠠ ᠬᠤᠳᠠᠯᠳᠤᠨ ᠠᠪᠬᠤ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ᠃ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠴᠠᠭᠠᠨ ᠰᠠᠷ᠎ᠠ ᠶᠢᠨ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠠᠵᠢᠯᠯᠠᠭᠠᠨ ᠤ ᠪᠠᠶᠢᠳᠠᠯ ᠢ ᠨᠢᠭᠲᠠ ᠠᠩᠬᠠᠷᠴᠤ᠂ ᠢᠳᠡᠭᠡᠨ ᠤ ᠵᠠᠬ᠎ᠠ ᠳᠡᠯᠭᠡᠭᠦᠷ ᠤᠨ ᠵᠥᠪᠰᠢᠶᠡᠷᠡᠨ ᠣᠷᠣᠭᠤᠯᠬᠤ ᠪᠣᠭᠤᠮᠲᠠ ᠪᠣᠯᠤᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠦᠨ᠎ᠡ ᠬᠠᠩᠰᠢ ᠶᠢᠨ ᠬᠢᠨᠠᠯᠲᠠ ᠬᠢᠨᠠᠨ ᠬᠡᠮᠵᠢᠯᠲᠡ ᠶᠢ ᠴᠢᠩᠭᠠᠳᠬᠠᠵᠤ᠂ ᠠᠷᠠᠳ ᠤᠯᠠᠨ ᠢ ᠦᠨᠡᠨ ᠬᠦ ᠰᠡᠳᠬᠢᠯ ᠠᠭᠤᠵᠢᠷᠠᠭᠤᠯᠵᠤ᠂ ᠰᠠᠨᠠᠭ᠎ᠠ ᠠᠮᠤᠷ ᠪᠠᠶᠢᠯᠭᠠᠬᠤ ᠬᠡᠷᠡᠭᠲᠡᠢ ᠭᠡᠵᠠᠢ᠃      ᠳ᠋ᠦᠩ ᠵᠢᠩ᠂ ᠮᠧᠢ ᠹᠠᠩ᠂ ᠰᠢᠩ ᠹᠠ ᠭᠤᠷᠪᠠᠨ ᠠᠵᠤ ᠠᠬᠤᠶᠢᠯᠠᠯ ᠳᠤ᠂ ᠶᠠᠨ ᠸᠧᠨ ᠯᠦᠩ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠠᠵᠢᠯᠯᠠᠭ᠎ᠠ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠪᠣᠯᠤᠨ ᠠᠶᠤᠯᠭᠦᠢ ᠦᠢᠯᠡᠳᠪᠦᠷᠢᠯᠡᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠡᠯᠡᠭᠰᠡᠨ ᠨᠢ᠂ ︽ᠲᠦᠷᠦᠯ ᠵᠦᠢᠯ ᠢᠶᠠᠷ ᠭᠤᠣᠯ ᠪᠣᠯᠭᠠᠬᠤ︾ ᠤᠢᠢᠯᠠᠭᠠᠭᠳᠠᠬᠤᠨ ᠢ ᠢᠮᠠᠭᠲᠠ ᠪᠠᠲᠤ ᠪᠤᠢ ᠪᠣᠯᠭᠠᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠵᠠᠬᠢᠶᠠᠯᠠᠭ᠎ᠠ ᠶᠢᠨ ᠬᠠᠭᠤᠳᠠᠰᠤ ᠶᠢ ᠠᠮᠵᠢᠵᠤ᠂ ᠠᠬᠢᠴᠠ ᠶᠢ ᠠᠳᠬᠤᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠭᠤᠣᠯᠳᠠᠯᠭ᠎ᠠ ᠲᠠᠢ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠵᠣᠭᠰᠣᠭᠠᠬᠤ ᠦᠭᠡᠢ ᠪᠠᠶᠢᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠨᠢᠭᠡᠳᠦᠭᠡᠷ ᠤᠯᠠᠷᠢᠯ ᠳᠤ ︽ᠰᠠᠶᠢᠨ ᠡᠬᠢᠯᠡᠯᠲᠡ︾︽ᠯᠠᠪᠳᠠᠭᠤᠨ ᠡᠬᠢᠯᠡᠯᠲᠡ︾ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠦᠢᠯᠡᠴᠢᠯᠡᠭᠡᠨ ᠤ ᠪᠠᠲᠤᠯᠠᠭ᠎ᠠ ᠪᠠᠨ ᠴᠢᠩᠭᠠᠳᠬᠠᠵᠤ᠂ ᠬᠠᠮᠵᠢᠯᠴᠠᠭ᠎ᠠ ᠪᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠤᠨ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠲᠦᠷᠦᠯ ᠵᠦᠢᠯ ᠢ ᠠᠬᠢᠭᠤᠯᠬᠤ ᠶᠠᠪᠤᠴᠠ ᠳᠠᠬᠢ ᠡᠪᠡᠷᠰᠢᠶᠡᠯ᠂ ᠲᠦᠭᠵᠢᠷᠡᠯ᠂ ᠬᠦᠴᠢᠷ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠴᠠᠭ ᠮᠥᠴᠡ ᠶᠢ ᠠᠮᠵᠢᠨ ᠲᠦᠷᠦᠯ ᠵᠦᠢᠯ ᠤᠨ ᠤᠷᠤᠭᠰᠢᠲᠠᠢ ᠬᠡᠷᠡᠭᠵᠢᠭᠦᠯᠦᠭᠳᠡᠬᠦ ᠶᠢ ᠠᠬᠢᠭᠤᠯᠵᠤ᠂ ᠠᠯᠢ ᠲᠦᠷᠭᠡᠨ ᠢᠶᠠᠷ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠤᠯᠬᠤ ᠬᠡᠷᠡᠭᠲᠡᠢ᠃ ᠡᠯ᠎ᠡ ᠠᠵᠤ ᠠᠬᠤᠶᠢᠯᠠᠯ ᠤᠨ ᠬᠢᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢ ᠴᠢᠩᠭᠠᠳᠬᠠᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠵᠤ᠂ ᠠᠵᠢᠯᠯᠠᠵᠤ ᠪᠠᠶᠢᠭ᠎ᠠ ᠬᠥᠮᠦᠰ ᠤᠨ ᠠᠮᠤᠷ ᠲᠦᠪᠰᠢᠨ ᠤ ᠬᠥᠮᠦᠵᠢᠯ ᠪᠣᠯᠪᠠᠰᠤᠷᠠᠯ ᠢ ᠴᠢᠩᠭᠠᠳᠬᠠᠵᠤ᠂ ᠪᠦᠬᠦ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ ᠭᠡᠵᠠᠢ᠃   
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号