ᠤᠳᠠ ᠲᠣᠭᠤᠷᠢᠭ ᠤᠨ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠴᠠᠭᠠᠨ ᠰᠠᠷ᠎ᠠ ᠶᠢᠨ ᠲᠤᠬᠤᠨᠢᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/1/24
      ᠰᠢᠨ᠎ᠡ ᠵᠢᠯ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠶᠠᠨ ᠸᠧᠨ ᠯᠦᠩ᠂ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠳᠠᠷᠤᠭ᠎ᠠ ᠯᠢᠦ ᠬᠤ᠋᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠬᠤᠤ ᠯᠢ ᠫᠢᠩ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠭᠤᠤ ᠲᠢᠶᠧ ᠨᠠᠨ ᠵᠡᠷᠭᠡ ᠲᠦᠷᠪᠡᠨ ᠶᠡᠭᠡ ᠪᠠᠭ ᠤᠨ ᠲᠣᠭᠤᠷᠢᠭ ᠤᠨ ᠲᠡᠰ ᠤᠨ ᠤᠳᠤᠷᠢᠳᠤᠯᠭ᠎ᠠ ᠲᠤᠰ ᠲᠤᠰ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠬᠢ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠠᠬᠠᠮᠠᠳ ᠺᠠᠳ᠋ᠷ᠂ ᠬᠥᠳᠡᠯᠮᠦᠷᠢ ᠶᠢᠨ ᠵᠢᠱᠢᠶᠡᠴᠢ᠂ ᠵᠡᠮᠳᠡᠭ ᠴᠡᠷᠢᠭ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠭᠰᠡᠳ ᠪᠣᠯᠤᠨ ᠣᠨᠴᠠ ᠬᠦᠴᠢᠷᠳᠡᠯᠲᠡᠢ ᠬᠥᠮᠦᠰ᠂ ᠬᠦᠴᠢᠷᠳᠡᠯ ᠳᠤ ᠲᠤᠯᠭᠠᠷᠠᠭᠰᠠᠨ ᠡᠮᠡᠭᠲᠡᠶᠢᠴᠦᠳ ᠵᠡᠷᠭᠡ ᠶᠢ ᠪᠣᠯᠭᠤᠭᠠᠨ ᠲᠣᠬᠤᠨᠢᠭᠤᠯᠵᠤ᠂ ᠲᠡᠳᠡᠨ ᠳᠤ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠭᠡᠪᠡ᠃
3.png     
      ᠲᠤᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠲᠤ᠂ ᠶᠠᠨ ᠸᠧᠨ ᠯᠦᠩ ᠨᠠᠷ ᠳᠠᠷᠤᠭ᠎ᠠ ᠪᠠᠶᠢᠯᠳᠤᠭᠴᠢᠳ ᠤᠨ ᠲᠥᠯᠥᠭᠡᠯᠡᠭᠴᠢᠳ ᠲᠠᠢ ᠳᠣᠲᠣᠨᠣ ᠪᠠᠷ ᠭᠠᠷ ᠠᠳᠬᠤᠵᠤ᠂ ᠬᠠᠷᠢᠯᠴᠠᠨ ᠮᠡᠨᠳᠦᠴᠢᠯᠡᠬᠦ ᠶᠢᠨ ᠬᠠᠮᠲᠤ ᠲᠡᠳᠡᠨ ᠤ ᠣᠷᠳᠣ ᠬᠤᠭᠤᠴᠠᠭᠠᠨ ᠤ ᠲᠤᠷᠰᠢ ᠪᠥᠬᠦ ᠲᠤᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠭᠠᠷᠭᠠᠭᠰᠠᠨ ᠴᠢᠷᠮᠠᠶᠢᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠪᠥᠬᠦ ᠳᠠᠷᠤᠭ᠎ᠠ ᠪᠠᠶᠢᠯᠳᠤᠭᠴᠢᠳ ᠤᠨ ᠣᠷᠣᠨ ᠨᠤᠲᠤᠭ ᠤᠨ ᠪᠥᠲᠥᠭᠡᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠵᠤ᠂ ᠤᠳᠠ ᠶᠢᠨ ᠴᠢᠨᠠᠷ ᠰᠠᠶᠢᠲᠠᠶ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠲᠦᠷᠭᠡᠳᠬᠡᠨ ᠠᠬᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠡᠶ᠃ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠳᠤ᠂ ᠠᠪᠤᠷᠠᠨ ᠲᠤᠰᠠᠯᠠᠬᠤ ᠨᠢᠭᠡᠳᠦᠭᠡᠷ ᠹᠷᠣᠨᠲ ᠲᠤ ᠠᠵᠢᠯᠯᠠᠵᠤ ᠪᠠᠶᠢᠭ᠎ᠠ ᠭᠠᠯ ᠤᠨᠲᠠᠷᠠᠭᠠᠬᠤ ᠭᠡᠰᠢᠭᠦᠳ ᠢ ᠪᠣᠯᠭᠤᠭᠠᠨ ᠲᠣᠬᠤᠨᠢᠭᠤᠯᠵᠤ᠂ ᠲᠡᠳᠡᠨ ᠤ ᠠᠵᠤ ᠠᠬᠤᠶ ᠨᠡᠶᠢᠭᠡᠮ ᠤᠨ ᠲᠣᠭᠲᠠᠭᠤᠨ ᠬᠥᠭᠵᠢᠯᠲᠡ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠳᠤ ᠦᠵᠡᠭᠦᠯᠦᠭᠰᠡᠨ ᠬᠤᠪᠢ ᠨᠡᠮᠡᠷᠢ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠵᠦ᠂ ᠲᠡᠳᠡᠨ ᠤ ᠰᠢᠯᠢᠳᠡᠭ ᠤᠯᠠᠮᠵᠢᠯᠠᠯ ᠪᠠ ᠰᠤᠷᠲᠠᠯ ᠢᠶᠠᠨ ᠦᠷᠭᠦᠯᠵᠢᠯᠡᠨ ᠪᠠᠷᠢᠮᠲᠠᠯᠠᠨ ᠪᠠᠳᠠᠷᠠᠭᠤᠯᠵᠤ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠶᠢ ᠬᠦᠰᠡᠪᠡ᠃      ᠶᠠᠨ ᠸᠧᠨ ᠯᠦᠩ᠂ ᠯᠢᠦ ᠬᠤ᠋᠂ ᠬᠤᠤ ᠯᠢ ᠫᠢᠩ᠂ ᠭᠤᠤ ᠲᠢᠶᠧ ᠨᠠᠨ ᠨᠠᠷ ᠠᠵᠢᠯ ᠠᠴᠠ ᠪᠠᠨ ᠠᠮᠠᠷᠠᠭᠰᠠᠨ ᠺᠠᠳ᠋ᠷ ᠸᠠᠩ ᠶᠦᠨ ᠯᠦᠩ᠂ ᠠᠬᠠᠮᠠᠳ ᠺᠠᠳ᠋ᠷ ᠶᠤᠸᠠᠢ ᠯᠢᠶᠠᠨ ᠬᠦᠢ ᠶᠢ ᠪᠣᠯᠭᠤᠭᠠᠨ ᠲᠣᠬᠤᠨᠢᠭᠤᠯᠵᠤ᠂ ᠲᠡᠳᠡᠨ ᠤ ᠪᠡᠶ᠎ᠡ ᠮᠠᠬᠠᠪᠣᠳ ᠤᠨ ᠪᠠᠶᠢᠳᠠᠯ᠂ ᠠᠮᠢᠳᠤᠷᠠᠯ ᠤᠨ ᠪᠠᠶᠢᠳᠠᠯ ᠢ ᠳᠣᠲᠣᠨᠣ ᠪᠠᠷ ᠠᠰᠠᠭᠤᠵᠤ᠂ ᠠᠬᠠᠮᠠᠳ ᠺᠠᠳ᠋ᠷᠴᠤᠳ ᠤᠨ ᠵᠢᠱᠢᠶ᠎ᠡ ᠦᠵᠡᠭᠦᠯᠵᠦ ᠳᠠᠶᠢᠴᠢᠯᠠᠬᠤ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠥᠩᠭᠡᠷᠡᠭᠰᠡᠨ ᠲᠠᠢ ᠪᠠᠨ ᠠᠳᠠᠯᠢ ᠪᠠᠷ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠠᠵᠢᠯ ᠢ ᠬᠠᠯᠠᠮᠵᠢᠯᠠᠨ ᠳᠡᠮᠵᠢᠵᠦ᠂ ᠤᠳᠠ ᠲᠤᠭᠤᠷᠢᠭ ᠤᠨ ᠨᠡᠩ ᠰᠠᠶᠢᠨ ᠬᠥᠭᠵᠢᠯᠲᠡ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠶᠢ ᠬᠦᠰᠡᠪᠡ᠃
4.png
5.png
           ᠬᠤᠲᠠ ᠶᠢᠨ ᠬᠥᠳᠡᠯᠮᠦᠷᠢ ᠶᠢᠨ ᠵᠢᠱᠢᠶᠡᠴᠢ ᠵᠠᠩ ᠶᠦᠩ ᠬᠤᠩ᠂ ᠵᠡᠮᠳᠡᠭ ᠴᠡᠷᠢᠭ ᠯᠢ ᠺᠠᠩ ᠮᠢᠩ᠂ ᠬᠦᠴᠢᠷᠳᠡᠯ ᠳᠤ ᠲᠤᠯᠭᠠᠷᠠᠭᠰᠠᠨ ᠡᠮᠡᠭᠲᠡᠶᠢᠴᠦᠳ ᠬᠡᠤᠬᠡᠳ ᠤᠨ ᠵᠢᠶᠠ ᠬᠤᠶ᠂ ᠣᠨᠴᠠ ᠬᠦᠴᠢᠷᠳᠡᠯᠲᠡᠶ ᠬᠥᠮᠦᠰ ᠯᠢᠦ ᠶᠦᠩ ᠰᠢᠶᠠᠩ ᠵᠡᠷᠭᠡ ᠶᠢᠨ ᠬᠡᠷ ᠲᠤ᠂ ᠲᠣᠭᠤᠷᠢᠭ ᠤᠨ ᠤᠳᠤᠷᠢᠳᠤᠯᠭ᠎ᠠ ᠲᠡᠳᠡᠨ ᠤ ᠠᠮᠢᠳᠤᠷᠠᠯ ᠤᠨ ᠪᠠᠶᠢᠳᠠᠯ᠂ ᠪᠡᠶ᠎ᠡ ᠮᠠᠬᠠᠪᠣᠳ ᠤᠨ ᠪᠠᠶᠢᠳᠠᠯ᠂ ᠬᠡᠷ ᠪᠦᠯᠢ ᠶᠢᠨ ᠪᠠᠶᠢᠳᠠᠯ ᠢ ᠬᠠᠯᠠᠮᠵᠢᠯᠠᠨ ᠠᠰᠠᠭᠤᠵᠤ᠂ ᠲᠡᠳᠡᠨ ᠤ ᠪᠤᠳᠤᠵᠤ ᠰᠠᠨᠠᠵᠦ ᠪᠠᠶᠢᠭ᠎ᠠ ᠵᠦᠢᠯ ᠢ ᠣᠶᠢᠯᠠᠭᠠᠵᠤ᠂ ᠲᠡᠳᠡᠨ ᠤ ᠪᠠᠶᠠᠰᠤᠩᠭᠤᠶ ᠰᠡᠳᠬᠢᠯᠭᠡ ᠲᠠᠢ ᠪᠠᠶᠢᠵᠤ᠂ ᠠᠮᠢᠳᠤᠷᠠᠯ ᠤᠨ ᠥᠷᠢᠰᠥᠯᠳᠦᠭᠡᠨ ᠳᠤ ᠢᠳᠡᠪᠬᠢᠲᠡᠶ ᠬᠠᠨᠳᠤᠬᠤ ᠶᠢ ᠵᠣᠷᠢᠭᠵᠢᠭᠤᠯᠪᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢ ᠬᠠᠯᠠᠮᠵᠢᠯᠠᠨ ᠬᠠᠶᠢᠷᠠᠯᠠᠬᠤ ᠪᠠᠨ ᠴᠢᠩᠭᠠᠳᠬᠠᠵᠤ᠂ ᠬᠦᠴᠢᠷᠳᠡᠯᠲᠡᠢ ᠤᠯᠠᠨ ᠲᠦᠮᠡᠨ ᠤ ᠠᠮᠢᠳᠤᠷᠠᠯ ᠢ ᠴᠠᠭ ᠢᠮᠠᠭᠲᠠ ᠠᠩᠬᠠᠷᠴᠤ᠂ ᠤᠯᠠᠨ ᠲᠦᠮᠡᠨ ᠤ ᠠᠮᠤᠷ ᠲᠦᠪᠰᠢᠨ ᠠᠶᠤᠯ ᠲᠦᠭᠰᠢᠭᠦᠷᠢ ᠬᠦᠴᠢᠷ ᠵᠣᠪᠠᠭᠤᠷᠢ ᠶᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠠᠪᠤᠷᠠᠨ ᠲᠤᠰᠠᠯᠠᠬᠤ᠂ ᠲᠣᠬᠤᠨᠢᠭᠤᠯᠬᠤ ᠵᠡᠷᠭᠡ ᠤᠯᠠᠨ ᠠᠷᠭ᠎ᠠ ᠵᠠᠮ ᠢᠶᠠᠷ ᠬᠠᠪᠰᠤᠷᠤᠨ ᠲᠡᠳᠬᠦᠵᠦ᠂ ᠤᠯᠠᠨ ᠲᠦᠮᠡᠨ ᠳᠤ ᠦᠨᠡᠨ ᠬᠦ ᠪᠣᠳᠠᠲᠠᠢ ᠶᠠᠪᠤᠳᠠᠯ ᠬᠢᠵᠦ ᠬᠦᠴᠢᠷ ᠶᠠᠪᠤᠳᠠᠯ ᠢ ᠨᠢ ᠰᠢᠢᠳᠪᠦᠷᠢᠯᠡᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ ᠭᠡᠵᠦ ᠵᠠᠬᠢᠪᠠ᠃
6.png
7.png
   
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号