ᠤᠳᠠ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 149 ᠳ᠋ᠤᠭᠡᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/1/24
      1 ᠰᠠᠷ᠎ᠠ ᠶᠢᠨ 23 ᠤ ᠡᠳᠦᠷ᠂ ᠤᠳᠠ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 149 ᠳ᠋ᠤᠭᠡᠷ ᠤᠳᠠᠭᠠᠨ ᠤ ᠬᠤᠷᠠᠯ ᠬᠤᠷᠠᠯᠳᠤᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠬᠤᠷᠠᠯ ᠤᠨ ᠵᠣᠷᠢᠭ ᠰᠠᠨᠠᠭ᠎ᠠ ᠵᠡᠷᠭᠡ ᠶᠢ ᠤᠯᠠᠮᠵᠢᠯᠠᠨ ᠰᠤᠷᠤᠯᠴᠠᠵᠤ᠂ ᠮᠠᠨ ᠤ ᠲᠤᠭᠤᠷᠢᠭ ᠤᠨ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ ᠬᠤᠷᠠᠯ ᠢ ᠡᠷᠭᠢᠯᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠶ ᠠᠯᠢ ᠣᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠶᠢ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠲᠤᠭᠤᠷᠢᠭ ᠤᠨ ᠨᠠᠮ ᠤᠨ ᠬᠤᠷᠢᠶᠠᠨ ᠤ ᠠᠵᠢᠯ ᠤᠨ ᠲᠣᠬᠢᠷᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠥᠭᠡᠷᠡᠴᠢᠯᠡᠯᠲᠡ ᠶᠢᠨ ᠰᠢᠰᠲ᠋ᠧᠮᠲᠦ ᠴᠢᠨᠠᠷᠲᠠᠶ ᠲᠥᠯᠥᠪᠵᠢᠭᠦᠯᠭᠡ ᠶᠢ ᠴᠢᠩᠭᠠᠳᠬᠠᠵᠤ᠂ ᠤᠳᠠ ᠲᠣᠭᠤᠷᠢᠭ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠨᠠᠩ ᠣᠯᠠᠨ ᠥᠪᠡᠷᠮᠢᠴᠡ ᠣᠨᠴᠠᠯᠢᠭ ᠲᠠᠢ ᠥᠭᠡᠷᠡᠴᠢᠯᠡᠯᠲᠡ ᠶᠢᠨ ᠨᠠᠷᠠᠲᠤ ᠲᠡᠮᠳᠡᠭ ᠢ ᠴᠢᠷᠮᠠᠶᠢᠨ ᠡᠭᠦᠳᠴᠦ᠂ ᠦᠨᠡᠨ ᠪᠣᠳᠠᠲᠠᠶ ᠠᠵᠢᠯ ᠤᠨ ᠦᠷ᠎ᠡ ᠪᠦᠲᠦᠮᠵᠢ ᠪᠠᠷ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ︽ᠤᠳᠠ ᠶᠢᠨ ᠬᠠᠷᠢᠭᠤᠯᠲᠠ ᠶᠢᠨ ᠬᠠᠭᠤᠳᠠᠰᠤ︾ ᠶᠢ ᠲᠤᠰᠢᠶᠠᠬᠤ ᠬᠡᠷᠡᠭᠲᠡᠶ᠃ ᠰᠢ ᠶᠢᠨ ᠫᠢᠩ ᠶᠡᠷᠦᠩᠬᠡᠢ ᠱᠦᠵᠢ ᠶᠢᠨ ᠬᠢᠨᠠᠨ ᠪᠤᠳᠤᠬᠤ ᠠᠵᠢᠯ ᠤᠨ ᠲᠤᠬᠠᠢ ᠰᠢᠨ᠎ᠡ ᠵᠢᠭᠠᠪᠤᠷᠢ ᠰᠢᠨ᠎ᠡ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠪᠠᠲᠤᠲᠠᠢ ᠬᠡᠷᠡᠭᠵᠢᠭᠦᠯᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠦᠬᠦ ᠲᠤᠭᠤᠷᠢᠭ ᠤᠨ ᠭᠤᠣᠯ ᠶᠡᠭᠡ ᠲᠠᠯ᠎ᠠ ᠲᠠᠢ ᠨᠢᠭᠲᠠ ᠤᠶᠠᠯᠳᠤᠭᠤᠯᠤᠨ 2025 ᠣᠨ ᠤ ᠬᠢᠨᠠᠨ ᠪᠤᠳᠤᠬᠤ ᠠᠵᠢᠯ ᠢ ᠨᠠᠷᠢᠨ ᠪᠣᠳᠠᠲᠠᠢ ᠠᠳᠬᠤᠵᠤ᠂ ᠴᠢᠨᠠᠷ ᠰᠠᠶᠢᠲᠠᠢ ᠬᠢᠨᠠᠨ ᠪᠤᠳᠤᠯᠲᠠ ᠪᠠᠷ ᠬᠢᠨᠠᠯᠲᠠ ᠲᠠᠯᠪᠢᠬᠤ ᠪᠠᠷ ᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠬᠡᠷᠡᠭᠲᠡᠢ ᠭᠡᠵᠠᠢ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠦᠬᠦᠢ ᠲᠥᠰᠦᠯ ᠢ ᠰᠤᠳᠤᠯᠤᠨ ᠬᠢᠨᠠᠨ ᠵᠥᠪᠯᠡᠪᠡ᠃ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠤᠯᠤᠰ ᠲᠦᠷᠦ ᠶᠢᠨ ᠲᠠᠯ᠎ᠠ ᠠᠴᠠ ᠡᠷᠡᠰ ᠦᠵᠡᠵᠦ᠂ ᠤᠯᠤᠰ ᠲᠦᠷᠦ ᠶᠢᠨ ᠲᠠᠯ᠎ᠠ ᠠᠴᠠ ᠰᠢᠢᠳᠪᠦᠷᠢᠯᠡᠵᠦ᠂ ᠴᠡᠭᠴᠡᠯᠡᠨ ᠰᠠᠶᠢᠵᠢᠷᠠᠭᠤᠯᠬᠤ ᠲᠥᠰᠦᠯ ᠳᠤ ᠲᠣᠭᠲᠠᠭᠠᠭᠰᠠᠨ ᠠᠵᠢᠯ ᠤᠨ ᠠᠷᠭ᠎ᠠ ᠬᠡᠮᠵᠢᠶ᠎ᠡ ᠪᠣᠯᠤᠨ ᠬᠠᠷᠠᠯᠲᠠ ᠶᠢᠨ ᠴᠠᠭ ᠤᠨ ᠬᠢᠵᠠᠭᠠᠷ ᠢ ᠴᠢᠩᠭ᠎ᠠ ᠵᠢᠷᠤᠮᠯᠠᠨ᠂ ᠵᠢᠷᠤᠭ ᠡᠯᠭᠦᠨ ᠪᠠᠶᠢᠯᠳᠤᠵᠤ᠂ ᠪᠠᠷᠢᠮᠵᠢᠶ᠎ᠠ ᠶᠣᠰᠣᠭᠠᠷ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃ ᠡᠭᠦᠨ ᠤ ᠬᠠᠮᠲᠤ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠵᠤ᠂ ᠣᠳᠣᠬᠠᠨ ᠤ ᠠᠰᠠᠭᠤᠳᠠᠯ ᠢ ᠰᠢᠢᠳᠪᠦᠷᠢᠯᠡᠬᠦ ᠶᠢ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠬᠤ ᠲᠠᠢ ᠤᠶᠠᠯᠳᠤᠭᠤᠯᠵᠤ᠂ ᠠᠰᠠᠭᠤᠳᠠᠯ ᠢ ᠡᠬᠢ ᠡᠭᠦᠰᠦᠯ ᠠᠴᠠ ᠨᠢ ᠰᠢᠢᠳᠪᠦᠷᠢᠯᠡᠵᠦ᠂ ᠳᠤᠲᠠᠭᠳᠠᠯ ᠢ ᠦᠨᠳᠦᠰᠦᠨ ᠠᠴᠠ ᠨᠢ ᠬᠤᠷᠢᠭᠯᠠᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠦᠢᠯᠡᠳᠦᠯ ᠢ ᠦᠨᠡᠨᠬᠦ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃   
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号