ᠣᠶᠢᠷ᠎ᠠ ᠳᠤ ᠴᠠᠰᠤᠨ ᠤ ᠨᠥᠯᠥᠭᠡ ᠪᠠᠷ᠂ ᠵᠠᠮ ᠳᠡᠭᠡᠷ᠎ᠡ ᠴᠠᠰᠤ ᠬᠤᠷᠠᠪᠠ᠂ ᠰᠠᠭᠤᠭᠠᠯᠢ ᠠᠷᠠᠳ ᠤᠨ ᠶᠠᠪᠤᠵᠤ | ᠰᠠᠭᠤᠬᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ 1 ᠰᠠᠷ᠎ᠠ ᠶᠢᠨ 26 ᠤ ᠡᠳᠦᠷ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠢᠳᠡᠪᠬᠢᠲᠡᠢ ᠬᠥᠳᠡᠯᠦᠯᠴᠡᠵᠦ᠂ ᠴᠠᠰᠤ ᠶᠢ ᠠᠷᠢᠯᠭᠠᠵᠤ ᠮᠥᠰᠥ ᠠᠷᠢᠯᠭᠠᠬᠤ ᠰᠠᠶᠢᠨ | ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠳᠤᠮᠳᠠ᠂ ᠪᠦᠬᠦ ᠨᠠᠮ ᠤᠨ ᠺᠠᠳ᠋ᠷ ᠠᠵᠢᠯᠲᠠᠨ ᠠᠵᠢᠯᠴᠢᠨ ᠴᠡᠪᠡᠷᠯᠡᠬᠦ ᠪᠠᠭᠠᠵᠢ ᠬᠡᠷᠡᠭᠰᠡᠯ ᠢᠶᠠᠨ | ᠠᠪᠴᠤ᠂ ᠬᠠᠬᠢᠷ ᠬᠦᠢᠲᠡᠨ ᠵᠠᠮ ᠬᠠᠯᠲᠤᠷᠢᠬᠤ ᠠᠴᠠ ᠠᠶᠤᠬᠤ ᠦᠭᠡᠢ᠂ ᠠᠵᠢᠯ ᠤᠨ ᠬᠤᠪᠢᠶᠠᠷᠢᠯᠠᠯ ᠲᠣᠳᠣᠷᠬᠠᠢ ᠪᠠᠶᠢᠵᠤ᠂ | ᠰᠡᠳᠬᠢᠯ ᠰᠠᠨᠠᠭ᠎ᠠ ᠪᠠᠨ ᠣᠯᠣᠯᠴᠠᠵᠤ᠂ ᠱᠧᠨ ᠬᠤᠸᠠ ᠪᠠᠷᠠᠭᠤᠨ ᠵᠡᠭᠡᠯᠢ ᠶᠢᠨ ᠮᠠᠰᠢᠨᠲᠤ ᠪᠤᠰᠤ ᠲᠡᠷᠭᠡᠨ ᠵᠠᠮ ᠪᠣᠯᠣᠨ | ᠶᠠᠪᠠᠭᠠᠨ ᠬᠥᠮᠦᠨ ᠤ ᠵᠠᠮ ᠤᠨ ᠬᠤᠷᠠᠭᠰᠠᠨ ᠴᠠᠰᠤ ᠶᠢ ᠴᠡᠪᠡᠷᠯᠡᠵᠦ᠂ ︽ᠰᠠᠶᠢᠨ ᠳᠤᠷ᠎ᠠ ᠶᠢᠨ ᠤᠯᠠᠭᠠᠨ︾ ᠨᠢ ᠮᠥᠰᠥ | ᠴᠠᠰᠤᠨ ᠳᠤᠮᠳᠠ ᠨᠢᠭᠡᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠦᠷᠢᠯᠳᠦᠭᠦᠯᠵᠡᠢ᠃ ᠣᠯᠠᠨ ᠢᠶᠠᠷ ᠢᠶᠠᠨ | ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠤᠤᠯ ᠨᠢ ᠬᠤᠷᠠᠭᠰᠠᠨ ᠴᠠᠰᠤᠨ ᠤ ᠵᠠᠮ ᠳᠡᠭᠡᠷ᠎ᠡ ᠨᠢᠭᠡᠨᠲᠡ | ᠦᠨᠳᠦᠰᠦᠨ ᠳᠡᠭᠡᠨ ᠴᠡᠪᠡᠷᠯᠡᠭᠳᠡᠵᠦ᠂ ᠰᠠᠭᠤᠭᠠᠯᠢ ᠠᠷᠠᠳ ᠤᠨ ᠶᠠᠪᠤᠵᠤ ᠰᠠᠭᠤᠬᠤ ︽ᠰᠠᠭᠠᠳ ᠦᠭᠡᠢ ᠨᠡᠪᠲᠡᠷᠡᠬᠦ ᠵᠠᠮ︾ | ᠪᠣᠯᠤᠭᠰᠠᠨ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠮᠠᠨ ᠤ ᠨᠠᠮ ᠤᠨ ᠬᠤᠷᠢᠶ᠎ᠠ ︽ᠴᠠᠰᠦ ᠶᠢ ᠳᠠᠷᠤᠶ ᠳᠤᠨᠢ ᠴᠡᠪᠡᠷᠯᠡᠬᠦ︾ ᠵᠠᠷᠴᠢᠮ ᠢ | ᠴᠢᠩᠭ᠎ᠠ ᠵᠢᠷᠤᠮᠯᠠᠨ᠂ ᠬᠠᠷᠢᠶᠠᠲᠤ ᠣᠷᠣᠨ ᠤ ᠵᠠᠮ ᠬᠠᠷᠢᠯᠴᠠᠭᠠᠨ ᠤ ᠰᠠᠭᠠᠳ ᠥᠬᠡᠶ ᠨᠡᠪᠲᠡᠷᠡᠬᠦ ᠶᠢ ᠦᠨᠡᠨ ᠬᠦ | ᠪᠠᠲᠤᠯᠠᠵᠤ᠂ ᠣᠯᠠᠨ ᠲᠦᠮᠡᠨ ᠳᠤ ᠠᠮᠤᠷ ᠲᠦᠪᠰᠢᠨ ᠡᠶ᠎ᠡ ᠨᠠᠶᠢᠷᠠᠮᠳᠠᠭᠤ ᠪᠠᠶᠠᠷ ᠤᠨ ᠡᠳᠦᠷ ᠤᠨ ᠣᠷᠴᠢᠨ ᠲᠣᠭᠤᠷᠢᠨ ᠢ | ᠴᠢᠷᠮᠠᠶᠢᠨ ᠪᠣᠶ ᠪᠣᠯᠭᠠᠵᠤ ᠥᠭᠭᠦᠨ᠎ᠡ᠃ | |