【ᠬᠤᠶᠠᠷ ᠬᠤᠷᠠᠯ】ᠤᠳᠠ ᠲᠣᠭᠤᠷᠢᠭ ᠤᠨ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠡᠬᠢᠯᠡᠪᠡ ᠶᠠᠨ ᠸᠧᠨ ᠯᠦᠩ ᠭᠤᠣ ᠲᠢᠶᠧ ᠨᠠᠨ ᠬᠤᠷᠠᠯ ᠳᠤ ᠣᠷᠤᠯᠴᠠᠵᠦ ᠯᠢᠦ ᠬᠤ᠋ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠪᠡ
ᠨᠡᠶᠢᠲᠡᠯᠡᠭᠰᠡᠨ ᠴᠠᠭ᠄
2025/1/3
      1 ᠰᠠᠷ᠎ᠠ ᠶᠢᠨ 3 ᠤ ᠡᠳᠦᠷ ᠤᠨ ᠦᠳᠡ ᠶᠢᠨ ᠡᠮᠦᠨ᠎ᠡ᠂ ᠤᠳᠠ ᠲᠣᠭᠤᠷᠢᠭ ᠤᠨ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠡᠬᠢᠯᠡᠪᠡ᠃
15.jpg     
      ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠬᠦ ᠲᠡᠷᠢᠭᠦᠯᠡᠭᠴᠢ ᠶᠠᠨ ᠸᠧᠨ ᠯᠦᠩ᠂ ᠯᠢᠦ ᠬᠤ᠋᠂ ᠬᠤᠤ ᠯᠢ ᠫᠢᠩ᠂ ᠭᠦᠸᠧ ᠱᠢ ᠯᠦᠩ᠂ ᠵᠠᠩ ᠸᠧᠢ ᠳ᠋ᠦᠩ᠂ ᠴᠠᠩ ᠢᠦᠢ ᠭᠠᠩ᠂ ᠵᠠᠩ ᠸᠧᠨ ᠬᠤᠸᠠ᠂ ᠢᠦᠢ ᠸᠧᠢ ᠵᠢᠶᠦ᠋ᠨ᠂ ᠯᠢᠦ ᠬᠠᠢ ᠺᠤᠸᠠᠨ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃
16.jpg     
      ᠭᠤᠤ ᠲᠢᠶᠧ ᠨᠠᠨ᠂ ᠯᠢ ᠴᠦᠨ ᠶᠠᠨ᠂ ᠵᠣᠣ ᠬᠠᠶ ᠪᠥᠸᠧ᠂ ᠾᠧ ᠶᠢᠩ᠂ ᠰᠢᠤᠢ ᠢ ᠱᠦ᠂ ᠬᠠᠨ ᡁᠢ ᠯᠢᠨ᠂ ᠵᠠᠩ ᠯᠢ ᠮᠢᠩ᠂ ᠯᠢᠦ ᠵᠢᠶᠠᠨ ᠵᠢᠶᠦ᠋ᠨ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃      ᠶᠡᠭᠡ ᠬᠤᠷᠠᠯ ᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠭᠦᠢᠴᠡᠳᠬᠡᠭᠴᠢ ᠲᠡᠷᠢᠭᠦᠯᠡᠭᠴᠢ ᠴᠠᠩ ᠢᠦᠢ ᠭᠠᠩ ᠡᠷᠬᠢᠯᠡᠪᠡ᠃      ᠤᠳᠠ ᠲᠣᠭᠤᠷᠢᠭ ᠤᠨ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠳᠤ ᠣᠷᠣᠯᠴᠠᠬᠤ ᠶᠣᠰᠣᠲᠠᠶ ᠲᠥᠯᠥᠭᠡᠯᠡᠭᠴᠢ 153 ᠬᠥᠮᠦᠨ᠂ ᠲᠣᠰ ᠤᠳᠠᠭᠠᠨ ᠤ ᠪᠥᠬᠦᠳᠡ ᠬᠤᠷᠠᠯ ᠳᠤ ᠣᠷᠣᠯᠴᠠᠭᠰᠠᠨ ᠲᠥᠯᠥᠭᠡᠯᠡᠭᠴᠢ 139 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃
17.jpg      ᠦᠳᠡ ᠶᠢᠨ ᠡᠮᠦᠨᠡᠬᠢ 9 ᠴᠠᠭ ᠲᠤ᠂ ᠴᠠᠩ ᠢᠦᠢ ᠭᠠᠩ ᠤᠳᠠ ᠲᠣᠭᠤᠷᠢᠭ ᠤᠨ ᠠᠷᠪᠠᠨ ᠬᠤᠶᠠᠳᠤᠭᠠᠷ
ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠡᠬᠢᠯᠡᠭᠰᠡᠨ ᠢ ᠵᠠᠷᠯᠠᠪᠠ᠃ ᠪᠦᠭᠦᠳᠡᠭᠡᠷ ᠢᠶᠠᠨ ᠪᠣᠰᠴᠤ ᠵᠣᠭᠰᠣᠨ ᠤᠯᠤᠰ ᠤᠨ ᠰᠦᠯᠳᠡ ᠳᠠᠭᠤᠤ ᠶᠢ ᠬᠥᠭᠵᠢᠮᠳᠡᠨ ᠳᠠᠭᠤᠯᠠᠪᠠ᠃      ᠲᠣᠭᠤᠷᠢᠭ ᠤᠨ ᠳᠠᠷᠤᠭ᠎ᠠ ᠯᠢᠦ ᠬᠤ᠋ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠪᠡ᠃
18.jpg     
      ᠯᠢᠦ ᠬᠤ᠋ ᠬᠡᠯᠡᠭᠰᠡᠨ ᠨᠢ᠂ 2024 ᠣᠨ ᠳᠤ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠤᠭᠤᠷᠢᠭ ᠤᠨ ᠵᠠᠰᠠᠭ ᠤᠨ ᠣᠷᠳᠣᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠲᠠᠢ ᠨᠢᠭᠲᠠ ᠤᠶᠠᠯᠳᠤᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠪᠣᠯᠤᠨ ︽ᠠᠷᠪᠠᠨ ᠬᠤᠶᠠᠷ ᠵᠦᠢᠯ ᠤᠨ ᠭᠤᠣᠯᠳᠠᠯᠭ᠎ᠠ ᠲᠠᠢ ᠠᠵᠢᠯ︾ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠦᠬᠦ ᠲᠤᠭᠤᠷᠢᠭ ᠤᠨ ᠡᠯ᠎ᠡ ᠵᠦᠢᠯ ᠤᠨ ᠦᠢᠯᠡᠰ ᠰᠢᠨ᠎ᠡ ᠦᠷ᠎ᠡ ᠪᠦᠲᠦᠮᠵᠢ ᠤᠯᠪᠠ ᠭᠡᠵᠠᠢ᠃      ᠯᠢᠦ ᠬᠤ᠋ ᠥᠩᠭᠡᠷᠡᠭᠰᠡᠨ ᠨᠢᠭᠡ ᠵᠢᠯ ᠤᠨ ᠠᠵᠢᠯ ᠢᠶᠠᠨ ᠨᠠᠢᠮᠠᠨ ᠲᠠᠯ᠎ᠠ ᠪᠠᠷ ᠳ᠋ᠦᠩᠨᠡᠪᠡ᠄ ᠶᠠᠰᠤ ᠴᠢᠨᠠᠷ ᠢ ᠳᠡᠭᠡᠭᠰᠢᠯᠡᠭᠦᠯᠬᠦ ᠪᠠ ᠨᠡᠮᠡᠭᠳᠡᠯ ᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠠᠵᠤ ᠠᠬᠤᠢ ᠶᠢ ︽ᠣᠷᠣᠭᠤᠯᠬᠤ︾ ᠪᠠᠶᠢᠳᠠᠯ ᠭᠦᠢᠴᠡᠳ ᠢᠯᠡᠷᠡᠪᠡ︔ ᠰᠦᠷᠦᠭᠵᠢᠯ ᠪᠠ ᠬᠡᠯᠬᠢᠶ᠎ᠡ ᠶᠢ ᠬᠦᠴᠦᠷᠬᠡᠭᠵᠢᠭᠦᠯᠬᠦ ᠶᠢ ᠬᠠᠷᠢᠯᠴᠠᠨ ᠠᠬᠢᠭᠤᠯᠬᠤ᠂ ᠠᠵᠤ ᠦᠢᠯᠡᠰ ᠢ ︽ᠲᠥᠪᠯᠡᠷᠡᠭᠦᠯᠬᠦ︾ ᠳᠠᠪᠠᠭᠤᠯᠢᠭ ᠤᠯᠠᠮ ᠠᠴᠠ ᠤᠯᠠᠮ ᠲᠤᠪᠤᠶᠢᠮ᠎ᠠ ᠪᠣᠯᠵᠠᠢ︔ ᠰᠢᠨ᠎ᠡ ᠶᠢ ᠡᠭᠦᠳᠬᠦ ᠪᠠ ᠰᠢᠯᠢᠳᠡᠭ ᠢ ᠪᠤᠶᠢᠵᠢᠭᠤᠯᠬᠤ ᠶᠢ ᠵᠡᠷᠭᠡᠪᠡᠷ ᠠᠬᠢᠭᠤᠯᠵᠤ᠂ ᠥᠭᠡᠷᠡᠴᠢᠯᠡᠯᠲᠡ ᠶᠢᠨ ︽ᠠᠮᠢᠳᠤᠯᠢᠭ ᠪᠠᠶᠢᠬᠤ︾ ᠬᠥᠳᠡᠯᠭᠡᠬᠦ ᠬᠦᠴᠦᠨ ᠢ ᠲᠦᠷᠭᠡᠨ ᠪᠠᠳᠠᠷᠠᠭᠤᠯᠪᠠ᠃
19.jpg     
           ᠯᠢᠦ ᠬᠤ᠋ ᠬᠡᠯᠡᠭᠰᠡᠨ ᠨᠢ᠂ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ︽ᠨᠢᠭᠡ ᠭᠤᠤᠯ ᠰᠢᠵᠢᠮ ᠢ ᠲᠤᠤᠱᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨ᠎ᠡ ᠵᠠᠮ ᠢ ᠨᠡᠭᠡᠭᠡᠵᠦ ᠳᠤᠮᠳᠠ ᠤᠷᠤᠰᠬᠠᠯ ᠳᠤ ᠣᠷᠣᠬᠤ︾ ᠪᠠ ︽ᠡᠬᠢ ᠪᠠᠶᠠᠯᠢᠭ ᠤᠨ ᠬᠡᠯᠪᠡᠷᠢ ᠶᠢᠨ ᠬᠤᠲᠠ ᠶᠢᠨ ᠬᠡᠯᠪᠡᠷᠢ ᠪᠠᠨ ᠬᠤᠪᠢᠷᠠᠭᠤᠯᠬᠤ ᠲᠠᠯ᠎ᠠ ᠪᠠᠷ ᠰᠢᠪᠲᠤᠯᠤᠯᠲᠠ ᠭᠠᠷᠭᠠᠵᠤ᠂ ᠵᠢᠱᠢᠶ᠎ᠡ ᠦᠵᠡᠭᠦᠯᠬᠦ︾ ᠱᠠᠭᠠᠷᠳᠠᠯᠭ᠎ᠠ ᠶᠣᠰᠣᠭᠠᠷ᠂ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠵᠤ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ᠂ ᠠᠵᠢᠯᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠶ ᠲᠥᠯᠥᠪᠵᠢᠭᠦᠯᠵᠦ᠂ ᠠᠵᠤ ᠠᠬᠤᠶ ᠨᠡᠶᠢᠭᠡᠮ ᠤᠨ ᠪᠥᠬᠦ ᠲᠠᠯ᠎ᠠ ᠪᠠᠷ ᠪᠣᠬᠢᠷᠲᠤᠯ ᠥᠬᠡᠶ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠳᠠ ᠶᠢᠨ ᠰᠢᠨ᠎ᠡ ᠬᠠᠭᠤᠳᠠᠰᠤ ᠶᠢ ᠲᠠᠰᠤᠷᠠᠯᠲᠠ ᠥᠬᠡᠶ  ᠪᠢᠴᠢᠭᠯᠡᠬᠦ  ᠬᠡᠷᠡᠭᠲᠡᠶ ᠭᠡᠵᠠᠢ᠃      ᠯᠢᠦ ᠬᠤ᠋ ᠮᠡᠳᠡᠭᠦᠯᠦᠯᠲᠡ ᠳᠡᠭᠡᠨ ᠡᠨᠡ ᠵᠢᠯ ᠤᠨ ᠪᠥᠬᠦ ᠲᠤᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠶᠢ ᠳᠤᠷᠠᠳᠴᠠᠶ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 6% ᠣᠷᠴᠢᠮ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 8% ᠣᠷᠴᠢᠮ ᠨᠡᠮᠡᠭᠳᠡᠭᠦᠯᠦᠨ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 5% ᠣᠷᠴᠢᠮ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 1.5% ᠣᠷᠴᠢᠮ ᠨᠡᠮᠡᠭᠳᠡᠭᠦᠯᠦᠨ᠂ ᠬᠤᠲᠠ ᠪᠠᠯᠭᠠᠰᠤᠨ ᠤ 900 ᠠᠴᠠ ᠳᠡᠭᠡᠭᠰᠢ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠶ ᠶᠢᠨ ᠨᠡᠮᠡᠭᠳᠡᠯ ᠲᠠᠢ ᠦᠨᠳᠦᠰᠦᠨ ᠳᠡᠭᠡᠨ ᠠᠳᠠᠯᠢ ᠪᠣᠯᠭᠠᠵᠤ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠠᠰᠬᠠᠬᠤ ᠬᠠᠷᠠᠯᠲᠠᠲᠤ ᠡᠭᠦᠷᠭᠡ ᠶᠢ ᠪᠡᠶᠡᠯᠡᠭᠦᠯᠦᠨ᠎ᠡ ᠭᠡᠵᠠᠢ᠃      ᠯᠢᠦ ᠬᠤ᠋ ᠬᠡᠯᠡᠭᠰᠡᠨ ᠨᠢ᠂ ᠪᠢᠳᠡ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠪᠠᠨ ᠪᠦᠬᠦ ᠲᠠᠯ᠎ᠠ ᠪᠠᠷ ᠴᠢᠩᠭᠠᠳᠬᠠᠵᠤ᠂ ︽ᠪᠡᠶ᠎ᠡ ᠪᠠᠨ ᠰᠢᠮᠳᠠᠭᠤᠯᠬᠤ ᠦᠭᠡᠢ ᠪᠠᠷ ᠴᠢᠷᠮᠠᠶᠢᠬᠤ︾ ᠤᠬᠠᠮᠰᠠᠷ ᠢ ᠢᠮᠠᠭᠲᠠ ᠪᠠᠷᠢᠮᠲᠠᠯᠠᠵᠤ᠂ ︽ᠡᠷᠡᠰ ᠭᠤᠶᠢᠪᠢᠰᠢ ᠦᠭᠡᠢ ᠪᠠᠷ ᠬᠠᠤᠯᠢ ᠪᠠᠷ ᠵᠠᠰᠠᠬᠤ ᠶᠢ ᠡᠷᠬᠢᠮᠯᠡᠬᠦ︾ ᠢᠲᠡᠭᠡᠯ ᠢ ᠢᠮᠠᠭᠲᠠ ᠪᠠᠷᠢᠮᠲᠠᠯᠠᠵᠤ᠂ ︽ᠬᠠᠨᠴᠤᠢ ᠰᠢᠮᠠᠯᠠᠨ ᠴᠢᠷᠮᠠᠶᠢᠨ ᠠᠵᠢᠯᠯᠠᠬᠤ︾ ᠡᠭᠦᠷᠭᠡᠯᠡᠯ ᠢ ᠢᠮᠠᠭᠲᠠ ᠪᠠᠷᠢᠮᠲᠠᠯᠠᠵᠤ᠂ ︽ᠰᠤᠷᠲᠠᠯ ᠤᠨ ᠪᠠᠶᠢᠭᠤᠯᠤᠯᠲᠠ ᠵᠠᠮ ᠳᠡᠭᠡᠷ᠎ᠡ ᠪᠠᠶᠢᠬᠤ︾ ᠲᠣᠭᠲᠠᠯ ᠬᠦᠴᠦᠨ ᠢ ᠢᠮᠠᠭᠲᠠ ᠪᠠᠷᠢᠮᠲᠠᠯᠠᠵᠤ᠂ ᠡᠷᠡᠰ ᠬᠦᠨᠳᠦ ᠡᠭᠦᠷᠭᠡ ᠶᠢ ᠡᠭᠦᠷᠭᠡᠯᠡᠵᠦ᠂ ᠭᠠᠪᠰᠢᠭᠠᠶᠢᠯᠠᠵᠤ᠂ ᠦᠯᠢᠭᠡᠷ ᠳᠠᠭᠤᠷᠢᠶᠠᠯ ᠪᠤᠯᠵᠤ᠂ ᠦᠨᠡᠨᠬᠦ ᠬᠡᠷᠡᠭᠵᠢᠭᠦᠯᠦᠭᠴᠢ᠂ ᠠᠵᠢᠯᠯᠠᠭ᠎ᠠ ᠶᠢᠨ ᠪᠦᠯᠦᠭᠲᠡᠨ᠂ ᠪᠣᠳᠠᠲᠠᠢ ᠠᠵᠢᠯᠯᠠᠭᠴᠢ ᠪᠣᠯᠤᠨ᠎ᠠ ᠭᠡᠪᠡ᠃ ᠯᠢᠦ ᠬᠤ᠋ ᠬᠡᠯᠡᠭᠰᠡᠨ ᠨᠢ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ ᠰᠢᠵᠢᠮ ᠢ ᠡᠯ᠎ᠡ ᠵᠦᠢᠯ ᠤᠨ ᠠᠵᠢᠯ ᠳᠤ ᠪᠦᠬᠦ ᠲᠠᠯ᠎ᠠ ᠪᠠᠷ ᠲᠤᠤᠱᠯᠠᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠱᠠᠭᠠᠷᠳᠠᠯᠭ᠎ᠠ ᠶᠢ ᠡᠯ᠎ᠡ ᠵᠦᠢᠯ ᠤᠨ ᠠᠵᠢᠯ ᠦᠢᠯᠡᠰ ᠲᠤ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠶᠠᠮᠠᠷᠪᠠ ᠠᠰᠠᠭᠤᠳᠠᠯ ᠢ ᠪᠤᠳᠤᠬᠤ᠂ ᠶᠠᠮᠠᠷᠪᠠ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠶᠠᠮᠠᠷᠪᠠ ᠠᠵᠢᠯ ᠢ ᠬᠢᠬᠦ ᠳᠤ ᠴᠥᠮ ᠡᠨᠡ ᠬᠦ ᠭᠤᠣᠯ ᠰᠢᠵᠢᠮ ᠠᠴᠠ ᠥᠴᠦᠬᠡᠨ ᠴᠦ ᠵᠠᠶᠢᠳᠠᠭᠤᠯᠬᠤ ᠦᠭᠡᠢ ᠪᠠᠶᠢᠬᠤ ᠬᠡᠷᠡᠭᠲᠡᠢ᠃ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠶᠢ ᠢᠯᠡ ᠲᠦᠷᠦᠭᠳᠡᠯ ᠲᠠᠢ ᠠᠬᠢᠭᠤᠯᠵᠤ᠂ ︽ᠲᠦᠮᠡᠨ ᠬᠥᠮᠦᠨ ᠠᠭᠤᠯᠠᠨ ᠳᠤ ᠭᠠᠷᠴᠤ ᠨᠡᠭᠦᠷᠡᠰᠦ ᠪᠤᠯᠢᠶᠠᠯᠳᠤᠬᠤ ᠶᠡᠭᠡ ᠳᠠᠶᠢᠯᠠᠯᠳᠤᠭᠠᠨ︾ ᠤᠳᠠ ᠶᠢᠨ ᠦᠯᠢᠭᠡᠷ ᠢ ᠰᠠᠶᠢᠲᠤᠷ ᠶᠠᠷᠢᠵᠤ᠂ ︽ᠠᠨᠠᠷ ᠤᠨ ᠴᠡᠴᠡᠭ ᠳᠡᠯᠭᠡᠷᠡᠬᠦ· ᠭᠤᠶᠤ ᠤᠳᠠ ᠲᠤᠭᠤᠷᠢᠭ︾ ᠨᠡᠷᠡᠲᠦ ᠲᠡᠮᠳᠡᠭ ᠢ ᠴᠤᠤᠷᠢᠶᠠᠲᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠠᠴᠠ ᠤᠯᠠᠮ ᠪᠠᠲᠤ ᠴᠣᠭᠴᠠᠯᠠᠬᠤ ᠬᠡᠷᠡᠭᠲᠡᠢ ᠭᠡᠵᠠᠢ᠃ ᠯᠢᠦ ᠬᠤ᠋ ᠬᠠᠮᠤᠭ ᠰᠡᠭᠦᠯ ᠳᠤ᠂ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ ᠲᠤᠤᠱᠯᠠᠭᠤᠯᠵᠤ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠲᠤᠭᠤᠷᠢᠭ ᠤᠨ ᠨᠠᠮ ᠤᠨ ᠬᠤᠷᠢᠶᠠᠨ ᠤ ᠵᠥᠪ ᠤᠳᠤᠷᠢᠳᠤᠯᠭ᠎ᠠ ᠳᠣᠣᠷ᠎ᠠ᠂ ᠤᠯᠠᠨ ᠤ ᠵᠣᠷᠢᠭ ᠢ ᠲᠥᠪᠯᠡᠷᠡᠭᠦᠯᠵᠦ᠂ ᠵᠣᠷᠢᠭᠲᠠᠢ ᠪᠠᠷ ᠠᠵᠢᠯᠯᠠᠵᠤ᠂ ᠡᠮᠦᠨ᠎ᠡ ᠨᠢ ᠶᠠᠪᠤᠵᠤ᠂ ᠰᠢᠨ᠎ᠡ ᠵᠠᠮ ᠢ ᠨᠡᠭᠡᠭᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠳᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠪᠡ ᠭᠡᠵᠠᠢ᠃
20.jpg      ᠯᠢᠦ ᠬᠤ᠋ ᠬᠡᠯᠡᠭᠰᠡᠨ ᠨᠢ᠂ ᠡᠨᠡ ᠵᠢᠯ ᠤᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠳᠤ᠂ ᠶᠡᠷᠦᠩᠬᠡᠢ ᠱᠦᠵᠢ
ᠰᠢ ᠶᠢᠨ ᠫᠢᠩ ᠤᠨ ︽ᠲᠠᠪᠤ ᠶᠢ ᠡᠷᠬᠡᠪᠰᠢ ᠨᠢᠭᠡᠳᠦᠯᠲᠡᠢ ᠲᠥᠯᠥᠪᠵᠢᠭᠦᠯᠬᠦ︾ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠣᠶᠢᠯᠠᠭᠠᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠬᠦᠴᠢᠷ ᠢ ᠰᠦᠷᠦᠨ ᠤᠷᠤᠭᠰᠢᠯᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ 2025 ᠣᠨ ᠢ ᠪᠣᠭᠤᠮᠲᠠ ᠰᠢᠪᠲᠤᠯᠬᠤ ᠵᠢᠯ ᠪᠣᠯᠭᠠᠵᠤ᠂ ︽ᠲᠠᠪᠤᠨ ᠶᠡᠭᠡ ᠡᠭᠦᠷᠭᠡ︾︽ᠵᠢᠷᠭᠤᠭᠠᠨ ᠢᠨᠵᠧᠨᠧᠷᠢᠩ︾ ᠪᠣᠯᠤᠨ ︽ᠵᠢᠷᠭᠤᠭᠠᠨ ᠠᠵᠢᠯᠯᠠᠭ᠎ᠠ︾ ᠶᠢ ᠦᠷᠭᠦᠯᠵᠢᠯᠡᠨ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠤᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠴᠦᠨ ᠢᠶᠠᠨ ᠲᠥᠪᠯᠡᠷᠡᠭᠦᠯᠦᠨ ᠶᠠᠰᠤ ᠴᠢᠨᠠᠷ ᠢ ᠰᠢᠢᠳᠪᠦᠷᠢᠯᠡᠵᠦ᠂ ᠬᠠᠲᠠᠭᠤ ᠳᠠᠶᠢᠯᠠᠯᠳᠤᠭᠠᠨ ᠬᠢᠵᠦ᠂ ᠭᠤᠣᠯᠳᠠᠯᠭ᠎ᠠ ᠲᠠᠢ ᠬᠦᠷᠢᠶ᠎ᠡ ᠪᠣᠯᠤᠨ ᠵᠠᠩᠭᠢᠯᠠᠭ᠎ᠠ ᠶᠢᠨ ᠭᠤᠭᠴᠤᠭ᠎ᠠ ᠶᠢᠨ ᠰᠢᠪᠲᠤᠯᠤᠯᠲᠠ ᠪᠠᠷ ᠪᠦᠬᠦ ᠲᠤᠭᠤᠷᠢᠭ ᠤᠨ ᠡᠯ᠎ᠡ ᠲᠠᠯ᠎ᠠ ᠶᠢᠨ ᠠᠵᠢᠯ ᠤᠨ ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠳᠠᠶᠢᠴᠢᠯᠠᠵᠤ᠂ ᠡᠬᠢ ᠪᠠᠶᠠᠯᠢᠭ ᠤᠨ ᠬᠡᠯᠪᠡᠷᠢ ᠶᠢᠨ ᠬᠤᠳᠠ ᠶᠢᠨ ᠬᠡᠯᠪᠡᠷᠢ ᠪᠠᠨ ᠬᠤᠪᠢᠷᠠᠭᠤᠯᠬᠤ ᠲᠠᠯ᠎ᠠ ᠪᠠᠷ ᠨᠡᠩ ᠶᠡᠭᠡ ᠠᠬᠢᠴᠠ ᠲᠠᠢ ᠪᠣᠯᠭᠠᠬᠤ ᠪᠠᠷ ᠴᠢᠷᠮᠠᠶᠢᠬᠤ ᠬᠡᠷᠡᠭᠲᠡᠢ᠃ ᠬᠠᠳᠠᠭᠠᠯᠠᠭᠳᠠᠴᠠ ᠶᠢ ᠠᠭᠤᠳᠠᠯᠵᠤ ᠨᠡᠮᠡᠭᠳᠡᠯ ᠤᠨ ᠬᠡᠮᠵᠢᠶ᠎ᠡ ᠶᠢ ᠰᠢᠯᠢᠳᠡᠭᠵᠢᠭᠦᠯᠦᠨ ᠶᠡᠷᠦᠩᠬᠡᠢ ᠬᠡᠮᠵᠢᠶ᠎ᠡ ᠶᠢ ᠥᠷᠭᠡᠳᠬᠡᠵᠦ᠂ ᠠᠵᠤ ᠠᠬᠤᠢ ᠶᠢᠨ ᠲᠣᠭᠲᠠᠭᠤᠨ ᠤ ᠪᠠᠶᠢᠳᠠᠯ ᠢ ᠪᠠᠲᠤᠳᠬᠠᠬᠤ ᠪᠠᠷ ᠬᠦᠴᠦᠯᠡᠨ ᠴᠢᠷᠮᠠᠶᠢᠬᠤ ᠬᠡᠷᠡᠭᠲᠡᠢ︔ ᠠᠷᠭ᠎ᠠ ᠬᠡᠯᠪᠡᠷᠢ ᠪᠠᠨ ᠬᠤᠪᠢᠷᠠᠭᠤᠯᠵᠤ ᠪᠦᠲᠦᠴᠡ ᠶᠢ ᠲᠤᠬᠢᠷᠠᠭᠤᠯᠤᠨ ᠶᠠᠰᠤ ᠴᠢᠨᠠᠷ ᠢ ᠳᠡᠭᠡᠭᠰᠢᠯᠡᠭᠦᠯᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ︔ ᠪᠣᠬᠢᠷᠲᠤᠯ ᠢ ᠰᠡᠷᠭᠡᠶᠢᠯᠡᠵᠦ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠ ᠡᠨᠧᠷᠭᠢ ᠶᠢᠨ ᠬᠤᠷᠣᠭᠳᠠᠯ ᠢ ᠪᠠᠭᠠᠰᠬᠠᠬᠤ ᠲᠠᠯ᠎ᠠ ᠪᠠᠷ ᠬᠦᠴᠦᠯᠡᠵᠦ᠂ ᠠᠮᠢ ᠠᠬᠤᠢ ᠶᠢᠨ ᠣᠷᠴᠢᠨ ᠲᠣᠭᠤᠷᠢᠨ ᠤ ᠦᠨᠳᠦᠰᠦᠨ ᠰᠠᠭᠤᠷᠢ ᠶᠢ ᠪᠠᠬᠢᠵᠢᠭᠦᠯᠬᠦ ᠬᠡᠷᠡᠭᠲᠡᠢ︔ ᠥᠭᠡᠷᠡᠴᠢᠯᠡᠯᠲᠡ ᠶᠢ ᠠᠳᠬᠤᠵᠤ ᠰᠢᠨ᠎ᠡ ᠶᠢ ᠡᠭᠦᠳᠬᠦ ᠶᠢ ᠠᠳᠬᠤᠵᠤ ᠬᠠᠮᠲᠤᠷᠠᠯᠴᠠᠭ᠎ᠠ ᠪᠠᠨ ᠠᠬᠢᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠢ ᠬᠤᠷᠠᠮᠳᠤᠭᠤᠯᠬᠤ ᠬᠡᠷᠡᠭᠲᠡᠢ︔ ᠴᠢᠳᠠᠮᠵᠢ ᠶᠢ ᠬᠦᠴᠦᠯᠡᠨ ᠴᠢᠩᠭᠠᠳᠬᠠᠵᠤ ᠶᠠᠰᠤ ᠴᠢᠨᠠᠷ ᠢ ᠳᠡᠭᠡᠭᠰᠢᠯᠡᠭᠦᠯᠦᠨ ᠴᠢᠩᠭ᠎ᠠ ᠬᠠᠮᠢᠶᠠᠷᠴᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠰᠣᠳᠣᠨ ᠬᠤᠳᠠ ᠶᠢ ᠬᠦᠴᠦᠯᠡᠨ ᠪᠠᠶᠢᠭᠤᠯᠬᠤ ᠬᠡᠷᠡᠭᠲᠡᠢ︔ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ ᠬᠤᠷᠢᠭ᠎ᠠ ᠱᠤᠭᠤᠮ ᠢ ᠰᠠᠬᠢᠵᠤ ᠲᠣᠭᠲᠠᠭᠤᠨ ᠢ ᠪᠠᠲᠤᠯᠠᠵᠦ᠂ ᠠᠷᠠᠳ ᠤᠯᠠᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠬᠦ ᠬᠡᠷᠡᠭᠲᠡᠢ ᠭᠡᠵᠠᠢ᠃
21.jpg      ᠲᠤᠰ ᠤᠳᠠᠭᠠᠨ ᠤ ᠬᠤᠷᠠᠯ ᠳᠤ ᠰᠤᠯᠠ ᠣᠷᠣᠯᠴᠠᠭᠰᠠᠨ ᠨᠢ ᠲᠤᠭᠤᠷᠢᠭ ᠤᠨ ᠤᠯᠤᠰ ᠲᠦᠷᠦ ᠶᠢᠨ
ᠵᠥᠪᠯᠡᠯᠭᠡᠨ ᠤ ᠶᠢᠰᠦᠳᠦᠭᠡᠷ ᠬᠤᠭᠤᠴᠠᠭᠠᠨ ᠤ ᠳᠥᠷᠪᠡᠳᠦᠭᠡᠷ ᠬᠤᠷᠠᠯ ᠳᠤ ᠣᠷᠣᠯᠴᠠᠭᠰᠠᠨ ᠪᠦᠬᠦ ᠭᠡᠰᠢᠭᠦᠨ᠂ ᠲᠤᠭᠤᠷᠢᠭ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠵᠢᠴᠢ ᠲᠤᠭᠤᠷᠢᠭ ᠲᠤ ᠰᠠᠭᠤᠭ᠎ᠠ ᠨᠢᠭᠡᠴᠡ ᠶᠢᠨ ᠬᠠᠷᠢᠭᠤᠴᠠᠯᠭᠠᠲᠠᠨ ᠪᠣᠯᠤᠨ᠎ᠠ᠃   
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号