【ᠬᠤᠶᠠᠷ ᠬᠤᠷᠠᠯ】ᠤᠯᠤᠰ ᠲᠥᠷᠥ ᠶᠢᠨ ᠵᠥᠪᠯᠡᠯᠭᠡᠨ ᠤ ᠤᠳᠠ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠲᠡᠭᠦᠰᠪᠡ ᠶᠠᠨ ᠸᠧᠨ ᠯᠦᠩ ᠯᠢᠦ ᠬᠤ᠋ ᠬᠤᠤ ᠯᠢ ᠫᠢᠩ ᠬᠤᠷᠠᠯ ᠳᠤ ᠣᠷᠣᠯᠴᠠᠵᠤ ᠪᠠᠶᠠᠷ ᠬᠦᠷᠭᠡᠪᠡ
ᠨᠡᠶᠢᠲᠡᠯᠡᠭᠰᠡᠨ ᠴᠠᠭ᠄
2025/1/6
      1 ᠰᠠᠷ᠎ᠠ ᠶᠢᠨ 3 ᠤ ᠦᠳᠡ ᠶᠢᠨ ᠬᠤᠶᠢᠨ᠎ᠠ᠂ ᠤᠯᠤᠰ ᠲᠥᠷᠥ ᠶᠢᠨ ᠵᠥᠪᠯᠡᠯᠭᠡᠨ ᠤ ᠤᠳᠠ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠤᠳᠠᠭᠠᠨ ᠤ ᠬᠤᠷᠠᠯ ᠲᠡᠭᠦᠰᠪᠡ᠃
22.jpg     
      ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠯᠢᠦ ᠬᠤ᠋᠂ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠭᠤᠤ ᠲᠢᠶᠧ ᠨᠠᠨ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠵᠤᠤ ᠬᠠᠢ ᠪᠥᠸᠧ᠂ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠲᠡᠷᠢᠭᠦᠯᠡᠭᠴᠢ ᠭᠦᠸᠧ ᠵᠢᠶᠠᠨ ᠶᠢᠩ᠂ ᠳᠡᠳ᠋ ᠲᠡᠷᠢᠭᠦᠯᠡᠭᠴᠢ ᠯᠢ ᠰᠢᠶᠠ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠵᠧᠦ ᠵᠤᠤ ᠱᠦᠨ ᠪᠣᠯᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠨᠠᠷᠢᠨ ᠪᠢᠴᠢᠭ ᠤᠨ ᠳᠠᠷᠤᠭ᠎ᠠ ᠰᠢᠶᠠ ᠱᠢ ᠶᠠᠩ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠭᠤᠣ ᠲᠢᠶᠧ ᠨᠠᠨ ᠲᠡᠭᠦᠰᠬᠦ ᠦᠭᠡ ᠬᠡᠯᠡᠪᠡ᠃
23.jpg     
      ᠲᠣᠭᠤᠷᠢᠭ ᠤᠨ ᠤᠳᠤᠷᠢᠳᠤᠯᠭ᠎ᠠ ᠬᠤᠤ ᠯᠢ ᠫᠢᠩ᠂ ᠯᠢ ᠴᠦᠨ ᠶᠠᠨ᠂ ᠾᠧ ᠶᠢᠩ᠂ ᠵᠠᠩ ᠸᠧᠢ ᠳ᠋ᠦᠩ᠂ ᠰᠢᠤᠢ ᠢ ᠱᠦ᠂ ᠵᠠᠩ ᠯᠢ ᠮᠢᠩ ᠬᠤᠷᠠᠯ ᠳᠤ ᠣᠷᠣᠯᠴᠠᠵᠤ ᠪᠠᠶᠠᠷ ᠬᠦᠷᠭᠡᠭᠰᠡᠨ ᠪᠥᠭᠡᠳ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃      ᠤᠯᠤᠰ ᠲᠥᠷᠥ ᠶᠢᠨ ᠵᠥᠪᠯᠡᠯᠭᠡᠨ ᠤ ᠤᠳᠠ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶᠠᠨ ᠤ ᠭᠡᠰᠢᠭᠦᠨ ᠨᠡᠶᠢᠲᠡ 118 ᠬᠥᠮᠦᠨ᠂ ᠲᠡᠭᠦᠰᠬᠦ ᠶᠡᠭᠡ ᠬᠤᠷᠠᠯ ᠳᠤ ᠣᠷᠣᠯᠴᠠᠭᠰᠠᠨ ᠭᠡᠰᠢᠭᠦᠨ 99 ᠬᠥᠮᠦᠨ ᠪᠠᠶᠢᠵᠤ᠂ ︽ᠤᠯᠤᠰ ᠲᠥᠷᠥ ᠶᠢᠨ ᠵᠥᠪᠯᠡᠯᠭᠡᠨ ᠤ ᠲᠦᠷᠢᠮ︾ ᠤᠨ ᠲᠣᠭᠲᠠᠭᠠᠯ ᠳᠤ ᠨᠡᠶᠢᠴᠡᠵᠦ ᠪᠠᠶᠢᠨ᠎ᠠ᠃      ᠬᠤᠷᠠᠯ ᠠᠴᠠ ᠤᠯᠤᠰ ᠲᠥᠷᠥ ᠶᠢᠨ ᠵᠥᠪᠯᠡᠯᠭᠡᠨ ᠤ ᠤᠳᠠ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠤᠨ ᠲᠤᠬᠠᠶ ᠰᠢᠢᠳᠪᠦᠷᠢ᠂ ᠤᠯᠤᠰ ᠲᠥᠷᠥ ᠶᠢᠨ ᠵᠥᠪᠯᠡᠯᠭᠡᠨ ᠤ ᠤᠳᠠ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠤ ᠰᠢᠢᠳᠪᠦᠷᠢ᠂ ᠤᠯᠤᠰ ᠲᠥᠷᠥ ᠶᠢᠨ ᠵᠥᠪᠯᠡᠯᠭᠡᠨ ᠤ ᠤᠳᠠ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠤ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠶ ᠤᠯᠤᠰ ᠲᠥᠷᠥ ᠶᠢᠨ ᠵᠥᠪᠯᠡᠯᠭᠡᠨ ᠤ ᠤᠳᠠ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠤ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠶ ᠮᠡᠳᠡᠭᠦᠯᠦᠯᠲᠡ᠂ ᠤᠯᠤᠰ ᠲᠥᠷᠥ ᠶᠢᠨ ᠵᠥᠪᠯᠡᠯᠭᠡᠨ ᠤ ᠤᠳᠠ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠤ ᠤᠯᠤᠰ ᠲᠥᠷᠥ ᠶᠢᠨ ᠰᠢᠢᠳᠪᠦᠷᠢ ᠶᠢ ᠬᠢᠨᠠᠨ ᠶᠠᠷᠢᠯᠴᠠᠵᠤ ᠪᠠᠲᠤᠯᠠᠭᠠᠳ᠂ 2024 ᠣᠨ ᠤ ᠰᠢᠯᠢᠳᠡᠭ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠢ ᠬᠥᠬᠢᠭᠦᠯᠦᠨ ᠰᠠᠶᠢᠰᠢᠶᠠᠪᠠ᠃
24.jpg
25.jpg
          ᠭᠤᠤ ᠲᠢᠶᠧ ᠨᠠᠨ ᠬᠡᠯᠡᠭᠰᠡᠨ ᠨᠢ᠂ ᠤᠯᠤᠰ ᠲᠦᠷᠦ ᠶᠢᠨ ᠵᠥᠪᠯᠡᠯᠭᠡᠨ ᠤ ᠤᠳᠠ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯ ᠪᠣᠯ ᠪᠦᠬᠦ ᠲᠤᠭᠤᠷᠢᠭ ᠢᠶᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠥᠷᠭᠡᠨ ᠳᠡᠯᠭᠡᠷ ᠤᠯᠠᠨ ᠲᠡᠰ ᠳᠠᠪᠬᠤᠷᠭ᠎ᠠ ᠪᠠᠷ ᠳᠦᠷᠢᠮᠵᠢᠭᠦᠯᠦᠨ ᠬᠥᠭᠵᠢᠬᠦ ᠶᠢ ᠲᠠᠰᠤᠷᠠᠯᠲᠠ ᠦᠭᠡᠢ ᠠᠬᠢᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠬᠤᠷᠠᠯᠳᠤᠭᠰᠠᠨ ᠨᠢᠭᠡ ᠤᠳᠠᠭᠠᠨ ᠤ ᠴᠢᠬᠤᠯᠠ ᠬᠤᠷᠠᠯ ᠪᠣᠯᠣᠨ᠎ᠠ᠃ ᠬᠤᠷᠠᠯ ᠤᠨ ᠬᠤᠭᠤᠴᠠᠭᠠᠨ ᠳᠤ᠂ ᠭᠡᠰᠢᠭᠦᠳ ᠤᠯᠤᠰ ᠲᠦᠷᠦ ᠶᠢᠨ ᠣᠷᠭᠢᠯᠤᠮ᠎ᠠ ᠬᠠᠯᠠᠭᠤᠨ ᠰᠡᠳᠬᠢᠯᠭᠡ ᠪᠠ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠᠷ ᠮᠠᠨ ᠤ ᠲᠤᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠳᠤᠮᠳᠠᠬᠢ ᠲᠤᠪᠤᠶᠢᠮ᠎ᠠ ᠠᠰᠠᠭᠤᠳᠠᠯ᠂ ᠠᠷᠠᠳ ᠤᠯᠠᠨ ᠤ ᠨᠡᠶᠢᠳᠡᠮ ᠠᠩᠬᠠᠷᠴᠤ ᠪᠠᠶᠢᠭ᠎ᠠ ᠬᠦᠴᠢᠷ ᠠᠰᠠᠭᠤᠳᠠᠯ ᠤᠨ ᠲᠣᠭᠤᠷᠢᠨ ᠳᠤ᠂ ᠶᠡᠭᠡ ᠬᠤᠷᠠᠯ ᠤᠨ ᠶᠠᠷᠢᠶ᠎ᠠ ᠲᠠᠯᠪᠢᠬᠤ᠂ ᠳᠤᠭᠤᠶᠢᠯᠠᠩ ᠬᠤᠪᠢᠶᠠᠨ ᠶᠠᠷᠢᠯᠴᠠᠬᠤ᠂ ᠰᠠᠨᠠᠯ ᠳᠤᠷᠠᠳᠤᠯᠭ᠎ᠠ ᠳᠡᠪᠰᠢᠭᠦᠯᠬᠦ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠭᠦᠨᠵᠡᠭᠡᠢ ᠵᠥᠪᠯᠡᠯᠭᠡ ᠬᠢᠵᠦ ᠵᠠᠰᠠᠭ ᠤᠨ ᠶᠠᠪᠤᠳᠠᠯ ᠢ ᠵᠥᠪᠯᠡᠵᠦ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠵᠥᠪᠯᠡᠬᠦ ᠠᠷᠠᠳᠴᠢᠯᠠᠯ ᠤᠨ ᠠᠮᠢᠵᠢᠷᠠᠯ ᠤᠨ ᠬᠦᠴᠦᠨ ᠢ ᠭᠦᠢᠴᠡᠳ ᠢᠯᠡᠷᠡᠭᠦᠯᠪᠡ᠃ ᠬᠤᠷᠠᠯ ᠠᠴᠠ 2024 ᠣᠨ ᠤ ᠰᠢᠯᠢᠳᠡᠭ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠢ ᠬᠥᠬᠢᠭᠦᠯᠦᠨ ᠰᠠᠶᠢᠰᠢᠶᠠᠵᠤ᠂ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠲᠡᠷᠢᠭᠦᠨ ᠤ ᠨᠡᠶᠢᠲᠡᠯᠢᠭ ᠵᠢᠱᠢᠶ᠎ᠡ ᠪᠠᠷ ᠳᠠᠭᠤᠷᠢᠶᠠᠯ ᠪᠣᠯᠭᠠᠵᠤ᠂ ᠬᠠᠷᠢᠭᠤᠴᠠᠯᠭᠠᠲᠤ ᠤᠬᠠᠮᠰᠠᠷ᠂ ᠡᠭᠦᠷᠭᠡᠲᠦ ᠤᠬᠠᠮᠰᠠᠷ᠂ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢᠶᠠᠨ ᠴᠢᠩᠭᠠᠳᠬᠠᠵᠤ᠂ ᠤᠯᠤᠰ ᠲᠥᠷᠥ ᠶᠢᠨ ᠵᠥᠪᠯᠡᠯᠭᠡᠨ ᠤ ᠠᠵᠢᠯ ᠪᠠ ᠲᠤᠬᠠᠶᠢᠯᠠᠭᠰᠠᠨ ᠠᠵᠢᠯ ᠤᠨ ᠪᠠᠶᠢᠷᠢ ᠳᠡᠭᠡᠷ᠎ᠡ ᠪᠠᠨ ᠳᠠᠬᠢᠨ ᠰᠢᠨ᠎ᠡ ᠠᠮᠵᠢᠯᠲᠠ ᠪᠦᠲᠦᠮᠵᠢ ᠡᠭᠦᠳᠴᠦ᠂ ᠰᠢᠨ᠎ᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠵᠤ᠂ ᠤᠳᠠ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤᠮᠳᠠ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠶᠢ ᠬᠦᠰᠡᠵᠦ ᠪᠠᠶᠢᠨ᠎ᠠ ᠭᠡᠵᠡᠶ᠃
26.jpg     
      ᠭᠤᠤ ᠲᠢᠶᠧ ᠨᠠᠨ ᠬᠡᠯᠡᠭᠰᠡᠨ ᠨᠢ᠂ ᠡᠨᠡ ᠵᠢᠯ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠡᠴᠦᠰ ᠤᠨ ᠨᠢᠭᠡ ᠵᠢᠯ ᠮᠥᠨ᠂ ᠡᠨᠡ ᠵᠢᠯ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠲᠤᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠷᠡᠯᠬᠡᠭᠯᠡᠨ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠳᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠤᠯᠤᠰ ᠲᠦᠷᠦ ᠶᠢᠨ ᠵᠥᠪᠯᠡᠯᠭᠡᠨ ᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ ᠭᠡᠵᠠᠢ᠃
27.jpg      ᠶᠡᠭᠡ ᠬᠤᠷᠠᠯ ᠳᠤ ᠣᠷᠣᠯᠴᠠᠭᠰᠠᠨ ᠪᠥᠭᠡᠳ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠭᠰᠠᠳ ᠲᠤ ᠪᠠᠰᠠ
ᠴᠠᠩ ᠢᠦᠢ ᠭᠠᠩ᠂ ᠵᠠᠩ ᠸᠧᠨ ᠬᠤᠸᠠ᠂ ᠢᠦᠢ ᠸᠧᠢ ᠵᠢᠶᠦ᠋ᠨ᠂ ᠯᠢᠦ ᠬᠠᠢ ᠺᠦᠨ᠂ ᠯᠢᠦ ᠨᠠᠷᠠᠨ᠂ ᠯᠢᠦ ᠮᠧᠩ᠂ ᠲᠢᠶᠠᠨ ᠵᠢᠶᠧ᠂ ᠹᠧᠩ ᡁᠢ᠂ ᠵᠧᠩ ᠶᠤᠸᠠᠨ᠂ ᠲᠦᠩ ᠰᠢᠶᠤᠤ ᠴᠧᠨ᠂ ᠭᠦᠸᠧ ᠴᠢᠶᠠᠩ ᠪᠤᠢ᠃      ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠠᠷᠠᠳ ᠤᠨ ᠪᠦᠯᠬᠦᠮ ᠪᠣᠯᠤᠨ ᠡᠯ᠎ᠡ ᠬᠤᠯᠪᠣᠭᠳᠠᠯ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠤᠷᠢᠯᠭ᠎ᠠ ᠪᠠᠷ ᠲᠡᠭᠦᠰᠬᠦ ᠶᠡᠭᠡ ᠬᠤᠷᠠᠯ ᠳᠤ ᠣᠷᠣᠯᠴᠠᠪᠠ᠃      ᠬᠤᠯᠪᠣᠭᠳᠠᠯ ᠪᠦᠬᠦᠢ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ᠂ ᠠᠵᠤ ᠠᠬᠤᠶᠢᠯᠠᠯ ᠵᠢᠴᠢ ᠮᠠᠨ ᠤ ᠲᠤᠭᠤᠷᠢᠭ ᠲᠤ ᠰᠠᠭᠤᠭ᠎ᠠ ᠨᠢᠭᠡᠴᠡ ᠶᠢᠨ ᠬᠠᠷᠢᠭᠤᠴᠠᠯᠭᠠᠲᠠᠨ ᠤᠷᠢᠯᠭ᠎ᠠ ᠪᠠᠷ ᠲᠡᠭᠦᠰᠬᠦ ᠶᠡᠭᠡ ᠬᠤᠷᠠᠯ ᠳᠤ ᠰᠤᠯᠠ ᠣᠷᠣᠯᠴᠠᠪᠠ᠃   
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号