1 ᠰᠠᠷ᠎ᠠ ᠶᠢᠨ 7 ᠤ ᠦᠳᠡ ᠶᠢᠨ ᠡᠮᠦᠨ᠎ᠡ᠂ ᠦᠬᠠᠢ ᠬᠤᠳᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠡᠬᠢᠯᠡᠪᠡ᠃ | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠬᠡᠭᠴᠢ | ᠲᠡᠷᠢᠭᠦᠯᠡᠭᠴᠢ ᠵᠧᠦ ᠶᠢᠨ ᠰᠢᠩ᠂ ᠼᠦᠢ ᠵᠢᠩ ᠶᠢᠩ᠂ ᠹᠧᠩ ᠰᠢᠤᠸᠠᠢ ᠲᠤᠤ᠂ ᠯᠢ ᠠᠩ᠂ ᠪᠠᠢ ᠬᠠᠢ ᠿᠦᠩ᠂ ᠸᠠᠩ ᠶᠢᠨ᠂ | ᠸᠧᠢ ᠠᠢ ᠯᠢᠨ᠂ ᠴᠡᠩᠬᠡᠯ᠂ ᠰᠦᠩ ᠶᠤᠸᠠᠢ ᠰᠢᠶᠠ᠂ ᠷᠧᠨ ᠵᠢᠢ ᠬᠤᠸᠠ᠂ ᠲᠢᠶᠠᠨ ᠵᠦ ᠶᠦᠨ ᠲᠡᠷᠢᠭᠦᠯᠡᠭᠴᠢ ᠶᠢᠨ | ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ | ᠯᠢ ᠴᠦᠨ ᠰᠢᠶᠤᠤ᠂ ᠶᠠᠨ ᠳ᠋ᠦᠩ᠂ ᠯᠢ ᠳ᠋ᠦᠩ᠂ ᠮᠧᠩ ᠫᠸᠢ ᠶᠦᠨ᠂ ᠭᠦᠸᠧ ᠢ ᠵᠢᠶᠧ᠂ ᠸᠠᠩ ᠶᠦᠨ ᠾᠧᠩ᠂ | ᠶᠠᠨ ᠱᠤᠸᠠᠩ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃ | ᠶᠡᠭᠡ ᠬᠤᠷᠠᠯ ᠢ ᠹᠧᠩ ᠰᠢᠤᠸᠠᠢ ᠲᠤᠤ ᠡᠷᠭᠢᠯᠡᠪᠡ᠃ | ᠦᠬᠠᠢ ᠬᠤᠳᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠠᠪᠤᠳᠤᠭᠠᠷ ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 242 ᠬᠥᠮᠦᠨ᠂ ᠲᠤᠰ ᠤᠳᠠᠭ᠎ᠠ ᠶᠢᠨ ᠪᠦᠬᠦᠳᠡ | ᠬᠤᠷᠠᠯ ᠳᠤ ᠣᠷᠣᠯᠴᠠᠭᠰᠠᠨ ᠲᠥᠯᠥᠭᠡᠯᠡᠭᠴᠢ 224 ᠬᠥᠮᠦᠨ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ | ᠨᠡᠶᠢᠴᠡᠨ᠎ᠡ᠃ | ᠦᠳᠡ ᠶᠢᠨ ᠡᠮᠦᠨᠡᠬᠢ 9 ᠴᠠᠭ ᠲᠤ᠂ ᠹᠧᠩ ᠰᠢᠤᠸᠠᠢ ᠲᠤᠤ ᠦᠬᠠᠶ ᠬᠤᠲᠠ ᠶᠢᠨ ᠠᠷᠪᠠᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠡᠬᠢᠯᠡᠭᠰᠡᠨ ᠢ ᠵᠠᠷᠯᠠᠪᠠ᠃ | ᠪᠦᠭᠦᠳᠡᠭᠡᠷ ᠢᠶᠠᠨ ᠪᠣᠰᠴᠤ ᠵᠣᠭᠰᠣᠨ ᠤᠯᠤᠰ ᠤᠨ ᠰᠦᠯᠳᠡ ᠳᠠᠭᠤᠤ ᠶᠢ ᠬᠥᠭᠵᠢᠮᠳᠡᠨ ᠳᠠᠭᠤᠯᠠᠪᠠ᠃ | ᠬᠤᠲᠠ ᠶᠢᠨ ᠳᠠᠷᠤᠭ᠎ᠠ ᠼᠦᠢ ᠵᠢᠩ ᠶᠢᠩ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠤᠨ | ᠮᠡᠳᠡᠭᠦᠯᠦᠯᠲᠡ ᠬᠢᠪᠡ᠃ | ᠦᠳᠡ ᠶᠢᠨ ᠡᠮᠦᠨᠡᠬᠢ 9 ᠴᠠᠭ ᠲᠤ᠂ ᠹᠧᠩ ᠰᠢᠤᠸᠠᠢ ᠲᠤᠤ ᠦᠬᠠᠶ ᠬᠤᠲᠠ ᠶᠢᠨ ᠠᠷᠪᠠᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠡᠬᠢᠯᠡᠭᠰᠡᠨ ᠢ ᠵᠠᠷᠯᠠᠪᠠ᠃ | ᠪᠦᠭᠦᠳᠡᠭᠡᠷ ᠢᠶᠠᠨ ᠪᠣᠰᠴᠤ ᠵᠣᠭᠰᠣᠨ ᠤᠯᠤᠰ ᠤᠨ ᠰᠦᠯᠳᠡ ᠳᠠᠭᠤᠤ ᠶᠢ ᠬᠥᠭᠵᠢᠮᠳᠡᠨ ᠳᠠᠭᠤᠯᠠᠪᠠ᠃ | ᠬᠤᠲᠠ ᠶᠢᠨ ᠳᠠᠷᠤᠭ᠎ᠠ ᠼᠦᠢ ᠵᠢᠩ ᠶᠢᠩ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠤᠨ | ᠮᠡᠳᠡᠭᠦᠯᠦᠯᠲᠡ ᠬᠢᠪᠡ᠃ | ᠼᠦᠢ ᠵᠢᠩ ᠶᠢᠩ ᠮᠡᠳᠡᠭᠦᠯᠦᠯᠲᠡ ᠳᠡᠭᠡᠨ ᠡᠨᠡ ᠵᠢᠯ ᠤᠨ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠶᠢ ᠳᠤᠷᠠᠳᠴᠠᠶ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ | ᠥᠷᠲᠡᠭ ᠢ 8% ᠣᠷᠴᠢᠮ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 10% ᠣᠷᠴᠢᠮ | ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 4% ᠣᠷᠴᠢᠮ ᠨᠡᠮᠡᠭᠳᠡᠭᠦᠯᠵᠦ᠂ ᠬᠤᠲᠠ | ᠪᠠᠯᠭᠠᠰᠤᠨ ᠤ 4 000 ᠬᠥᠮᠦᠨ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠰᠠᠭᠤᠭᠠᠯᠢ ᠠᠷᠠᠳ ᠤᠨ | ᠣᠷᠣᠯᠭ᠎ᠠ ᠶᠢᠨ ᠨᠡᠮᠡᠭᠳᠡᠯ ᠢ ᠠᠵᠤ ᠠᠬᠤᠶ ᠶᠢᠨ ᠨᠡᠮᠡᠭᠳᠡᠯ ᠲᠠᠢ ᠦᠨᠳᠦᠰᠦᠨ ᠳᠡᠭᠡᠨ ᠠᠳᠠᠯᠢ ᠪᠣᠯᠭᠠᠵᠤ᠂ ᠰᠠᠭᠤᠭᠠᠯᠢ | ᠠᠷᠠᠳ ᠤᠨ ᠬᠡᠷᠡᠭᠯᠡᠭᠡᠨ ᠤ ᠦᠨ᠎ᠡ ᠬᠠᠩᠰᠢ ᠶᠢᠨ ᠥᠰᠥᠯᠲᠡ ᠶᠢ 3 % ᠶᠢᠨ ᠳᠣᠲᠣᠷ᠎ᠠ ᠬᠢᠵᠠᠭᠠᠷᠯᠠᠵᠤ᠂ ᠥᠪᠡᠷᠲᠡᠭᠡᠨ | ᠵᠠᠰᠠᠬᠤ ᠣᠷᠣᠨ ᠠᠴᠠ ᠪᠠᠭᠤᠯᠭᠠᠭᠰᠠᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠠᠰᠬᠠᠬᠤ ᠬᠠᠷᠠᠯᠲᠠ ᠡᠭᠦᠷᠭᠡ ᠶᠢ | ᠪᠡᠶᠡᠯᠡᠭᠦᠯᠦᠨ᠎ᠡ᠃ | ᠼᠦᠢ ᠵᠢᠩ ᠶᠢᠩ ᠬᠡᠯᠡᠭᠰᠡᠨ ᠨᠢ᠂ ᠡᠨᠡ ᠵᠢᠯ ᠤᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠳᠤ᠂ ᠪᠢᠳᠡ | ᠡᠷᠬᠡᠪᠰᠢ ᠶᠡᠷᠦᠩᠬᠡᠢ ᠱᠦᠵᠢ ᠰᠢ ᠶᠢᠨ ᠫᠢᠩ ᠤᠨ ᠠᠵᠤ ᠠᠬᠤᠢ ᠶᠢᠨ ᠠᠵᠢᠯ ᠤᠨ ᠲᠤᠬᠠᠢ ᠲᠠᠪᠤᠨ ︽ᠡᠷᠬᠡᠪᠰᠢ | ᠰᠠᠶᠢᠲᠤᠷ ᠨᠢᠭᠡᠳᠦᠯᠲᠡᠢ ᠲᠥᠯᠥᠪᠵᠢᠭᠦᠯᠬᠦ︾ ᠴᠢᠬᠤᠯᠠ ᠥᠭᠦᠯᠡᠯᠲᠡ ᠶᠢ ᠭᠦᠨᠵᠡᠭᠡᠢ ᠣᠶᠢᠯᠠᠭᠠᠵᠤ᠂ ︽ᠲᠠᠪᠤᠨ ᠶᠡᠭᠡ | ᠡᠭᠦᠷᠭᠡ︾︽ᠵᠢᠷᠭᠤᠭᠠᠨ ᠢᠨᠵᠧᠨᠧᠷᠢᠩ︾ ᠪᠣᠯᠤᠨ ︽ᠵᠢᠷᠭᠤᠭᠠᠨ ᠠᠵᠢᠯᠯᠠᠭ᠎ᠠ︾ ᠶᠢ ᠦᠷᠭᠦᠯᠵᠢᠯᠡᠨ ᠭᠦᠨᠵᠡᠭᠡᠶᠢᠷᠡᠭᠦᠯᠦᠨ | ᠨᠠᠶᠢᠳᠠᠪᠤᠷᠢᠵᠢᠭᠤᠯᠵᠤ᠂ ᠬᠤᠳᠠ ᠶᠢᠨ ᠨᠠᠮ ᠤᠨ ᠬᠤᠷᠢᠶᠠᠨ ᠤ ︽ᠠᠷᠪᠠᠨ ᠵᠦᠢᠯ ᠤᠨ ᠭᠤᠣᠯᠳᠠᠯᠭ᠎ᠠ ᠲᠠᠢ ᠠᠵᠢᠯ︾ ᠲᠠᠢ | ᠨᠢᠭᠲᠠ ᠤᠶᠠᠯᠳᠤᠭᠤᠯᠵᠤ᠂ ᠪᠣᠭᠤᠮᠲᠠ ᠰᠢᠪᠲᠤᠯᠬᠤ ᠵᠢᠯ ᠤᠨ ᠡᠯ᠎ᠡ ᠵᠦᠢᠯ ᠤᠨ ᠡᠭᠦᠷᠭᠡ ᠶᠢ ᠲᠣᠭᠲᠠᠭᠠᠵᠤ᠂ ᠢᠲᠡᠭᠡᠯ | ᠵᠣᠷᠢᠭ ᠢᠶᠠᠨ ᠦᠨᠡᠨ ᠬᠦ ᠪᠤᠢ ᠪᠣᠯᠭᠠᠵᠤ᠂ ᠰᠡᠳᠬᠢᠯ ᠵᠢᠷᠦᠬᠡ ᠪᠠᠨ ᠨᠢᠭᠡᠳᠬᠡᠵᠦ᠂ ᠪᠠᠷᠢᠯᠭ᠎ᠠ ᠶᠢᠨ ᠠᠵᠢᠯ ᠤᠨ ᠰᠠᠶᠢᠨ | ᠳᠠᠷᠤᠭ᠎ᠠ ᠪᠤᠯᠵᠤ᠂ ᠲᠤᠯᠤᠭᠠᠨ ᠲᠠᠯ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ | ᠢᠲᠡᠭᠡᠯ ᠵᠣᠷᠢᠭ ᠢᠶᠠᠨ ᠬᠥᠪᠴᠢᠯᠡᠵᠦ᠂ ᠳᠣᠲᠣᠭᠠᠳᠤ ᠬᠡᠷᠡᠭᠴᠡᠭᠡ ᠶᠢ ᠪᠠᠳᠠᠷᠠᠭᠤᠯᠵᠤ᠂ ᠶᠡᠷᠦᠩᠬᠡᠶᠢᠯᠡᠭᠰᠡᠨ ᠠᠷᠭ᠎ᠠ | ᠪᠤᠳᠤᠯᠭ᠎ᠠ ᠬᠡᠷᠡᠭᠵᠢᠭᠦᠯᠵᠦ ᠪᠠᠶᠢᠭᠠᠳ ᠠᠵᠤ ᠠᠬᠤᠢ ᠶᠢᠨ ᠠᠵᠢᠯᠯᠠᠭᠠᠨ ᠢ ᠲᠣᠭᠲᠠᠪᠤᠷᠢᠵᠢᠭᠤᠯᠬᠤ ᠬᠡᠷᠡᠭᠲᠡᠢ︔ | ᠶᠡᠷᠦᠩᠬᠡᠶᠢᠯᠡᠨ ᠵᠠᠰᠠᠬᠤ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ ᠪᠠᠷᠢᠮᠲᠠᠯᠠᠵᠤ᠂ ᠠᠮᠢ | ᠠᠬᠤᠶ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠬᠡᠷᠡᠭᠲᠡᠶ︔ ᠠᠵᠤ ᠦᠢᠯᠡᠰ ᠤᠨ | ᠬᠡᠯᠪᠡᠷᠢ ᠪᠠᠨ ᠬᠤᠪᠢᠷᠠᠭᠤᠯᠬᠤ᠂ ᠬᠥᠳᠡᠯᠭᠡᠬᠦ ᠡᠨᠧᠷᠭᠢ ᠶᠢᠨ ᠰᠣᠯᠢᠭᠳᠠᠯ ᠢ ᠪᠠᠷᠢᠮᠲᠠᠯᠠᠵᠤ᠂ ᠰᠦᠷᠦᠭᠵᠢᠯ ᠤᠨ | ᠬᠡᠯᠬᠢᠶ᠎ᠡ ᠶᠢᠨ ᠳᠠᠪᠠᠭᠤᠯᠢᠭ ᠢ ᠲᠦᠷᠭᠡᠨ ᠪᠠᠶᠢᠭᠤᠯᠬᠤ ᠬᠡᠷᠡᠭᠲᠡᠢ︔ ᠥᠭᠡᠷᠡᠴᠢᠯᠡᠯᠲᠡ ᠪᠠᠷ ᠠᠬᠢᠭᠤᠯᠬᠤ᠂ ᠨᠡᠭᠡᠭᠡᠯᠲᠡ | ᠬᠢᠬᠦ ᠪᠠᠷ ᠲᠠᠶᠢᠴᠢᠯᠠᠬᠤ ᠶᠢ ᠪᠠᠷᠢᠮᠲᠠᠯᠠᠵᠤ᠂ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠲᠠᠰᠤᠷᠠᠯᠲᠠ | ᠥᠬᠡᠶ ᠬᠤᠷᠠᠮᠳᠤᠭᠤᠯᠬᠤ ᠬᠡᠷᠡᠭᠲᠡᠢ︔ ᠬᠤᠲᠠ ᠬᠥᠳᠡᠭᠡ ᠶᠢ ᠵᠡᠷᠭᠡ ᠪᠠᠷ ᠴᠢᠬᠤᠯᠠᠴᠢᠯᠠᠵᠤ᠂ ᠪᠠᠶᠢᠭᠤᠯᠬᠤ ᠪᠠ | ᠬᠠᠮᠢᠶᠠᠷᠬᠤ ᠶᠢ ᠵᠡᠷᠭᠡ ᠪᠠᠷ ᠴᠢᠬᠤᠯᠠᠴᠢᠯᠠᠵᠤ᠂ ᠬᠦᠴᠦᠨ ᠢᠶᠠᠨ ᠲᠥᠪᠯᠡᠷᠡᠭᠦᠯᠦᠨ ᠬᠤᠲᠠ ᠶᠢᠨ ᠣᠷᠣᠰᠢᠨ ᠰᠠᠭᠤᠬᠤ | ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠬᠡᠷᠡᠭᠲᠡᠶ︔ ᠠᠷᠠᠳ ᠲᠦᠮᠡᠨ ᠢᠶᠠᠷ ᠦᠨᠳᠦᠰᠦ ᠪᠣᠯᠭᠠᠬᠤ᠂ ᠠᠷᠠᠳ ᠲᠤ ᠠᠰᠢᠭ | ᠬᠦᠷᠲᠡᠭᠡᠬᠦ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠢ ᠦᠨᠡᠨ ᠰᠡᠳᠬᠢᠯ ᠠᠴᠠ ᠪᠠᠨ | ᠪᠠᠲᠤᠯᠠᠨ ᠰᠠᠶᠢᠵᠢᠷᠠᠭᠤᠯᠬᠤ ᠬᠡᠷᠡᠭᠲᠡᠢ︔ ᠬᠤᠷᠢᠭ᠎ᠠ ᠱᠤᠭᠤᠮ ᠤᠨ ᠰᠡᠳᠬᠢᠬᠦᠶ᠂ ᠠᠶᠤᠯ ᠲᠦᠭᠰᠢᠭᠦᠷᠢ ᠶᠢᠨ ᠤᠬᠠᠮᠰᠠᠷ ᠢ | ᠪᠠᠷᠢᠮᠲᠠᠯᠠᠵᠤ᠂ ᠠᠮᠤᠷ ᠲᠦᠪᠰᠢᠨ ᠪᠠᠶᠢᠬᠤ ᠦᠶ᠎ᠡ ᠳᠡᠭᠡᠨ ᠠᠶᠤᠯ ᠲᠦᠭᠰᠢᠭᠦᠷᠢ ᠶᠢ ᠪᠣᠳᠣᠯᠬᠢᠯᠠᠬᠤ ᠠᠮᠤᠷ ᠲᠦᠪᠰᠢᠨ ᠤ | ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠶ᠃ | ᠼᠦᠢ ᠵᠢᠩ ᠶᠢᠩ ᠬᠡᠯᠡᠭᠰᠡᠨ ᠨᠢ᠂ ᠪᠢᠳᠡ ᠨᠠᠮ ᠪᠣᠯᠤᠨ ᠠᠷᠠᠳ ᠲᠦᠮᠡᠨ ᠠᠴᠠ ᠣᠯᠭᠤᠭᠰᠠᠨ ᠡᠭᠦᠷᠭᠡ | ᠬᠠᠷᠢᠭᠤᠴᠠᠯᠭ᠎ᠠ ᠪᠣᠯᠤᠨ ᠡᠭᠦᠷᠭᠡ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠦᠨᠡᠨᠴᠢ ᠰᠢᠳᠤᠷᠭᠤ ᠪᠠᠷ ᠵᠠᠰᠠᠭ | ᠪᠠᠷᠢᠬᠤ᠂ ᠪᠣᠳᠠᠲᠠᠢ ᠠᠵᠢᠯᠯᠠᠨ ᠵᠠᠰᠠᠭ ᠪᠠᠷᠢᠬᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠪᠠᠷᠢᠮᠲᠠᠯᠠᠵᠤ᠂ ᠵᠠᠰᠠᠭ | ᠶᠠᠪᠤᠭᠤᠯᠬᠤ ᠴᠢᠳᠠᠪᠤᠷᠢ ᠪᠣᠯᠤᠨ ᠦᠢᠯᠡᠴᠢᠯᠡᠭᠡᠨ ᠤ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠷᠠᠳ | ᠲᠦᠮᠡᠨ ᠤ ᠰᠡᠳᠬᠢᠯ ᠬᠠᠨᠤᠮᠵᠢᠲᠠᠢ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ ᠱᠤᠭᠤᠮ ᠢ ᠡᠯ᠎ᠡ | ᠵᠦᠢᠯ ᠤᠨ ᠠᠵᠢᠯ ᠳᠤ ᠪᠦᠬᠦ ᠲᠠᠯ᠎ᠠ ᠪᠠᠷ ᠲᠤᠤᠱᠯᠠᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ | ᠲᠠᠯ᠎ᠠ ᠪᠠᠷ ᠪᠦᠳᠦᠭᠡᠨ ᠪᠠᠶᠢᠭᠤᠯᠬᠤ︾ ᠱᠠᠭᠠᠷᠳᠠᠯᠭ᠎ᠠ ᠶᠢ ᠡᠯ᠎ᠡ ᠵᠦᠢᠯ ᠤᠨ ᠠᠵᠢᠯ ᠦᠢᠯᠡᠰ ᠲᠤ ᠪᠦᠬᠦ ᠲᠠᠯ᠎ᠠ ᠪᠠᠷ | ᠨᠠᠶᠢᠳᠠᠪᠤᠷᠢᠵᠢᠭᠤᠯᠬᠤ ᠬᠡᠷᠡᠭᠲᠡᠢ᠃ | ᠼᠦᠢ ᠵᠢᠩ ᠶᠢᠩ ᠬᠡᠯᠡᠭᠰᠡᠨ ᠨᠢ᠂ ᠴᠢᠷᠮᠠᠶᠢᠨ ᠲᠡᠮᠡᠴᠡᠵᠦ ᠠᠭᠤᠤ ᠦᠢᠯᠡᠰ ᠢ ᠴᠣᠭᠴᠠᠯᠠᠨ᠂ ᠪᠣᠳᠠᠲᠠᠢ | ᠠᠵᠢᠯᠯᠠᠵᠤ ᠢᠷᠡᠭᠡᠳᠦᠢ ᠶᠢ ᠴᠣᠭᠴᠠᠯᠠᠨ᠎ᠠ ᠭᠡᠪᠡ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ | ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠢᠲᠡᠭᠡᠯ ᠵᠣᠷᠢᠭ ᠢᠶᠠᠨ | ᠪᠠᠲᠤᠳᠬᠠᠵᠤ᠂ ᠬᠦᠴᠢᠷ ᠢ ᠰᠦᠷᠦᠨ ᠤᠷᠤᠭᠰᠢᠯᠠᠵᠤ᠂ ᠴᠤᠭ ᠰᠦᠯᠳᠡ ᠪᠠᠨ ᠪᠠᠳᠠᠷᠠᠭᠤᠯᠵᠤ᠂ | ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠡᠬᠢ ᠪᠠᠶᠠᠯᠢᠭ ᠤᠨ ᠬᠡᠯᠪᠡᠷᠢ ᠶᠢᠨ ᠬᠤᠳᠠ ᠶᠢᠨ ᠬᠡᠯᠪᠡᠷᠢ ᠪᠠᠨ | ᠬᠤᠪᠢᠷᠠᠭᠤᠯᠬᠤ ᠶᠢ ᠠᠬᠢᠭᠤᠯᠵᠤ ᠬᠦᠴᠦᠯᠡᠨ ᠤᠷᠤᠭᠰᠢᠯᠠᠵᠤ᠂ ᠬᠥᠭᠵᠢᠯᠲᠡ ᠶᠢᠨ ᠵᠠᠮ ᠢᠶᠠᠨ ᠲᠦᠷᠭᠡᠳᠬᠡᠵᠦ᠂ ᠦᠷ᠎ᠡ | ᠪᠦᠲᠦᠮᠵᠢ ᠪᠠᠨ ᠲᠦᠷᠭᠡᠳᠬᠡᠵᠦ᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠢᠶᠠᠷ ᠵᠠᠮᠨᠠᠵᠤ᠂ ᠳᠤᠮᠳᠠᠳᠤ | ᠤᠯᠤᠰ ᠤᠨ ᠵᠤᠭᠠᠴᠠᠯ ᠤᠨ ᠵᠠᠮ ᠳᠤ ᠣᠷᠣᠬᠤ︾ ᠶᠢ ᠪᠡᠶᠡᠯᠡᠭᠦᠯᠬᠦ ᠳᠤ ᠦᠬᠠᠢ ᠶᠢᠨ ᠬᠤᠪᠢ ᠨᠡᠮᠡᠷᠢ ᠪᠠᠨ ᠦᠵᠡᠭᠦᠯᠵᠦ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠦᠬᠠᠢ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︕ | | ᠬᠤᠷᠠᠯ ᠤᠨ ᠵᠥᠪᠯᠡᠬᠦ ᠵᠦᠢᠯ ᠢ ᠦᠨᠳᠦᠰᠦᠯᠡᠨ᠂ ᠶᠡᠭᠡ ᠬᠤᠷᠠᠯ ᠠᠴᠠ ︽ᠦᠬᠠᠢ ᠬᠤᠳᠠ ᠶᠢᠨ 2024 ᠣᠨ ᠤ | ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ | ᠬᠢᠭᠡᠳ 2025 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ | ᠲᠥᠰᠦᠯ ᠤᠨ ᠮᠡᠳᠡᠭᠦᠯᠦᠯᠲᠡ︾︽ᠦᠬᠠᠢ ᠬᠤᠳᠠ ᠶᠢᠨ 2024 ᠣᠨ ᠤ ᠲᠥᠰᠦᠪ ᠢ ᠭᠦᠢᠴᠡᠳᠬᠡᠭᠰᠡᠨ ᠪᠠᠶᠢᠳᠠᠯ ᠪᠠ | 2025 ᠣᠨ ᠤ ᠲᠥᠰᠦᠪ ᠤᠨ ᠲᠥᠰᠦᠯ ᠤᠨ ᠮᠡᠳᠡᠭᠦᠯᠦᠯᠲᠡ︾ ᠶᠢ ᠬᠢᠨᠠᠨ ᠪᠠᠶᠢᠴᠠᠭᠠᠪᠠ᠃ | ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠭᠰᠠᠳ ᠲᠤ ᠪᠠᠰᠠ᠄ ᠴᠢᠶᠣᠤ ᠢᠦᠢ᠂ ᠸᠠᠩ ᠵᠢᠢ ᠫᠢᠩ᠂ ᠵᠠᠩ ᠮᠢᠩ | ᠮᠢᠩ᠂ ᠭᠤᠤ ᠪᠥᠸᠧ᠂ ᠵᠠᠩ ᠸᠧᠢ᠂ ᠵᠠᠩ ᠶᠦᠩ᠂ ᠴᠧᠩ ᠵᠦᠩ ᠵᠦᠩ᠂ ᠹᠦ᠋ ᠲᠢᠩ ᠯᠢᠨ᠂ ᠦ᠋ ᠶᠧ ᠸᠧᠨ᠂ ᠸᠠᠩ ᠰᠢᠶᠠᠨ | ᠭᠠᠩ᠂ ᠵᠠᠩ ᠬᠤᠩ ᠪᠢᠨ᠂ ᠱᠤᠤ ᠵᠧᠩ ᠸᠧᠨ᠂ ᠯᠢ ᠾᠦᠢ ᠫᠢᠩ᠂ ᠭᠦᠸᠧ ᠴᠠᠩ ᠠᠨ᠂ ᠯᠢ ᠾᠧ ᠫᠢᠩ᠂ ᠯᠢᠦ ᠴᠠᠩ | ᠬᠤᠢ᠂ ᠵᠤᠤ ᠯᠢᠶᠠᠩ᠂ ᠲᠢᠶᠠᠨ ᠴᠧᠩ ᠵᠢᠶᠦ᠋ᠨ᠂ ᠹᠠᠨ ᠴᠢᠤᠸᠠᠨ᠂ ᠴᠢᠶᠣᠤ ᠲᠢᠶᠠᠨ ᠹᠧᠩ᠂ ᠯᠢ ᠫᠢᠩ᠂ ᠵᠧᠦ ᠶᠦᠩ | ᠪᠣᠯᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠤᠰᠤᠳ ᠪᠦᠷᠢᠯᠳᠦᠬᠦᠨ ᠪᠤᠢ᠃ | ᠬᠠᠤᠯᠢ ᠪᠠᠷ ᠲᠣᠭᠲᠠᠭᠠᠭᠰᠠᠨ ᠰᠤᠯᠠ ᠣᠷᠣᠯᠴᠠᠬᠤ ᠬᠥᠮᠦᠰ ᠪᠠ ᠬᠤᠲᠠ ᠶᠢᠨ ᠠᠷᠪᠠᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠭᠤᠷᠪᠠᠳᠤᠭᠠᠷ | ᠬᠤᠷᠠᠯᠳᠤᠭᠠᠨ ᠠᠴᠠ ᠲᠣᠭᠲᠠᠭᠠᠭᠰᠠᠨ ᠰᠤᠯᠠ ᠣᠷᠣᠯᠴᠠᠬᠤ ᠬᠥᠮᠦᠰ ᠢ ᠭᠠᠷᠭᠠᠪᠠᠯ᠂ ᠬᠤᠲᠠ ᠶᠢᠨ ᠤᠯᠤᠰ ᠲᠥᠷᠦ ᠶᠢᠨ | ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯᠳᠤᠭᠠᠨ ᠳᠤ ᠣᠷᠣᠯᠴᠠᠭᠰᠠᠨ ᠪᠦᠬᠦ ᠭᠡᠰᠢᠭᠦᠳ | ᠬᠤᠷᠠᠯ ᠳᠤ ᠰᠤᠯᠠ ᠣᠷᠣᠯᠴᠠᠪᠠ᠃ | |