ᠼᠦᠢ ᠵᠢᠩ ᠶᠢᠩ ᠬᠤᠲᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠤᠳᠠ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠪᠠ
ᠨᠡᠶᠢᠲᠡᠯᠡᠭᠰᠡᠨ ᠴᠠᠭ᠄
2025/1/9
      ᠼᠦᠢ ᠵᠢᠩ ᠶᠢᠩ ᠬᠤᠲᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠤᠳᠠ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠪᠠ      1 ᠰᠠᠷ᠎ᠠ ᠶᠢᠨ 7 ᠤ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠲᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠤ ᠤᠳᠠ ᠶᠢᠨ ᠲᠥᠯᠥᠭᠡᠯᠡᠭᠴᠢᠳ ᠤᠨ ᠪᠦᠯᠬᠦᠮ ᠳᠤ ᠬᠦᠷᠴᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠲᠠᠢ ᠬᠠᠮᠲᠤ ᠪᠠᠷ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ ᠲᠥᠯᠥᠪᠯᠡᠭᠡ ᠪᠠ ᠲᠥᠰᠦᠪ ᠤᠨ ᠮᠡᠳᠡᠭᠦᠯᠦᠯᠲᠡ ᠶᠢ ᠬᠢᠨᠠᠨ ᠵᠥᠪᠯᠡᠪᠡ᠃
37.png      
      ᠬᠢᠨᠠᠨ ᠵᠥᠪᠯᠡᠬᠦ ᠶᠠᠪᠤᠴᠠ ᠳᠤ᠂ ᠲᠥᠯᠥᠭᠡᠯᠡᠭᠴᠢᠳ ᠮᠡᠳᠡᠭᠦᠯᠦᠯᠲᠡ ᠶᠢᠨ ᠠᠭᠤᠯᠭ᠎ᠠ ᠶᠢᠨ ᠲᠣᠭᠤᠷᠢᠨ ᠳᠤ ᠥᠪᠡᠷ ᠥᠪᠡᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠠᠨᠢᠯᠲᠠ ᠪᠠᠨ ᠶᠠᠷᠢᠵᠤ ᠰᠠᠨᠠᠭᠤᠯᠭ᠎ᠠ ᠳᠤᠷᠠᠳᠪᠠ᠃ ᠼᠦᠢ ᠵᠢᠩ ᠶᠢᠩ ᠲᠥᠯᠥᠭᠡᠯᠡᠭᠴᠢᠳ ᠤᠨ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠴᠤ᠂ ᠤᠯᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠲᠡᠷᠡ ᠬᠡᠯᠡᠭᠰᠡᠨ ᠨᠢ᠂ ᠮᠠᠨ ᠤ ᠬᠤᠲᠠ ᠶᠠᠭ ᠡᠬᠢ ᠪᠠᠶᠠᠯᠢᠭ ᠤᠨ ᠬᠡᠯᠪᠡᠷᠢ ᠶᠢᠨ ᠬᠤᠲᠠ ᠶᠢᠨ ᠬᠡᠯᠪᠡᠷᠢ ᠪᠠᠨ ᠬᠤᠪᠢᠷᠠᠭᠤᠯᠤᠨ ᠰᠢᠪᠲᠤᠯᠤᠯᠲᠠ ᠭᠠᠷᠭᠠᠬᠤ᠂ ᠵᠢᠱᠢᠶ᠎ᠡ ᠦᠵᠡᠭᠦᠯᠬᠦ ᠵᠠᠩᠭᠢᠯᠠᠭ᠎ᠠ ᠶᠢᠨ ᠴᠠᠭ ᠦᠶ᠎ᠡ ᠳᠤ ᠣᠷᠣᠰᠢᠵᠤ ᠪᠠᠶᠢᠨ᠎ᠠ᠂ ᠤᠳᠠ ᠲᠣᠭᠤᠷᠢᠭ ᠥᠨᠳᠥᠷ ᠦᠰᠦᠷᠦᠯᠲᠡ ᠬᠢᠬᠦ᠂ ᠵᠣᠷᠢᠭᠲᠠᠶ ᠪᠠᠷ ᠲᠡᠷᠢᠭᠦᠨ ᠳᠤ ᠣᠷᠣᠬᠤ ᠪᠠᠷ ᠴᠢᠷᠮᠠᠶᠢᠬᠤ ᠲᠡᠮᠡᠴᠡᠯ ᠤᠨ ᠪᠠᠶᠢᠳᠠᠯ ᠢᠶᠠᠨ ᠪᠠᠲᠤᠯᠠᠵᠤ᠂ ᠪᠥᠬᠦ ᠬᠤᠲᠠ ᠶᠢᠨ ᠬᠡᠯᠪᠡᠷᠢ ᠪᠠᠨ ᠬᠤᠪᠢᠷᠠᠭᠤᠯᠤᠨ ᠰᠢᠪᠲᠤᠯᠤᠯᠲᠠ ᠬᠢᠬᠦ ᠳᠤᠮᠳᠠ ᠬᠡᠪ ᠳᠠᠭᠤᠷᠢᠶᠠᠯ ᠪᠣᠯᠬᠤ ᠪᠠᠷ ᠴᠢᠷᠮᠠᠶᠢᠬᠤ ᠬᠡᠷᠡᠭᠲᠡᠶ᠃ ᠠᠭᠤᠷᠬᠠᠢ ᠶᠢᠨ ᠡᠷᠬᠡ᠂ ᠨᠡᠭᠦᠷᠡᠰᠦ ᠤᠬᠢᠶᠠᠬᠤ᠂ ᠬᠡᠦᠷᠰᠢᠭᠦᠯᠬᠦ ︽ᠭᠤᠷᠪᠠ ᠶᠢ ᠨᠡᠶᠢᠳᠬᠡᠬᠦ︾ ᠶᠢ ᠲᠦᠷᠭᠡᠨ ᠠᠬᠢᠭᠤᠯᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠢᠯᠡ ᠲᠣᠳᠣ ᠤᠳᠤᠷᠢᠳᠤᠮᠵᠢ ᠪᠠᠷ ᠠᠵᠢᠯ ᠤᠨ ᠲᠡᠭᠦᠰ ᠠᠮᠵᠢᠯᠲᠠ ᠲᠠᠢ ᠲᠡᠭᠦᠰᠬᠦ ᠶᠢ ᠠᠬᠢᠭᠤᠯᠬᠤ ᠬᠡᠷᠡᠭᠲᠡᠢ᠃ ᠤᠯᠤᠰ ᠤᠨ ᠳᠡᠰ᠂ ᠥᠪᠡᠷᠲᠡᠭᠡᠨ ᠵᠠᠰᠠᠬᠤ ᠣᠷᠣᠨ ᠤ ᠲᠡᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠢ ᠴᠢᠷᠮᠠᠶᠢᠨ ᠪᠠᠶᠢᠭᠤᠯᠬᠤ ᠰᠥᠰᠥ ᠵᠣᠷᠢᠭ ᠢᠶᠠᠷ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠵᠤ᠂ ᠬᠦᠷᠢᠶᠡᠯᠡᠩ ᠲᠣᠭᠤᠷᠢᠭ ᠤᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢᠨ ᠰᠢᠨ᠎ᠡ ᠠᠷᠭ᠎ᠠ ᠵᠠᠮ ᠢ ᠢᠳᠡᠪᠬᠢᠲᠡᠢ ᠰᠦᠪᠡᠭᠴᠢᠯᠡᠬᠦ ᠬᠡᠷᠡᠭᠲᠡᠢ᠃ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠢ ᠰᠡᠳᠬᠢᠯ ᠲᠠᠯᠪᠢᠨ ᠬᠦᠴᠦ ᠣᠷᠣᠭᠤᠯᠤᠨ ᠰᠠᠶᠢᠲᠤᠷ ᠬᠢᠵᠦ᠂ ᠰᠤᠷᠭᠠᠨ ᠬᠥᠮᠦᠵᠢᠯ᠂ ᠡᠮ ᠡᠮᠨᠡᠯᠭᠡ᠂ ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠵᠡᠷᠭᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠤᠯᠠᠨ ᠲᠦᠮᠡᠨ ᠢ ᠨᠡᠩ ᠤᠯᠠᠨ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠲᠠᠢ ᠪᠣᠯᠭᠠᠬᠤ ᠬᠡᠷᠡᠭᠲᠡᠢ᠃ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠨᠡᠶᠢᠭᠡᠮ ᠤᠨ ᠠᠮᠤᠷ ᠲᠣᠭᠲᠠᠭᠤᠨ᠂ ᠠᠷᠠᠳ ᠲᠦᠮᠡᠨ ᠤ ᠠᠮᠤᠷ ᠲᠣᠭᠲᠠᠭᠤᠨ᠂ ᠬᠥᠭᠵᠢᠯᠲᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠠᠢ᠃   
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号