ᠰᠠᠷ᠎ᠠ ᠶᠢᠨ ᠬᠥᠳᠡᠯᠮᠦᠷᠢ ᠶᠢᠨ ᠬᠦᠴᠦᠨ ᠤ ᠪᠠᠶᠢᠴᠠᠭᠠᠯᠲᠠ ᠶᠢᠨ ᠠᠵᠢᠯ ᠤᠨ ᠶᠠᠪᠤᠴᠠ ᠶᠢ ᠤᠯᠠᠮ ᠨᠢᠭᠡ | ᠠᠯᠬᠤᠮ ᠵᠢᠷᠤᠮᠵᠢᠭᠤᠯᠵᠤ᠂ ᠬᠥᠳᠡᠯᠮᠦᠷᠢ ᠬᠦᠴᠦᠨ ᠤ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ | ᠦᠨᠡᠨᠬᠦ ᠳᠡᠭᠡᠭᠰᠢᠯᠡᠭᠦᠯᠬᠦ ᠶᠢᠨ ᠲᠥᠯᠥᠭᠡ᠂ 2 ᠰᠠᠷ᠎ᠠ ᠶᠢᠨ 11 ᠤ ᠡᠳᠦᠷ᠂ ᠤᠳᠠ ᠲᠣᠭᠤᠷᠢᠭ ᠤᠨ ᠲᠤᠭ᠎ᠠ | ᠪᠦᠷᠢᠳᠬᠡᠯ ᠤᠨ ᠲᠣᠪᠴᠢᠶ᠎ᠠ ᠶᠢᠨ ᠲᠤᠬᠠᠶᠢᠯᠠᠭᠰᠠᠨ ᠠᠵᠢᠯ ᠤᠨ ᠠᠵᠢᠯᠲᠠᠨ ᠰᠢᠨᠳᠠ ᠵᠡᠭᠡᠯᠢ ᠭᠤᠳᠤᠮᠵᠢ ᠶᠢᠨ ᠴᠠᠩ ᠳ᠋ᠠ | ᠨᠡᠶᠢᠭᠡᠮ ᠲᠣᠭᠤᠷᠢᠭ ᠤᠨ ᠪᠠᠶᠢᠴᠠᠭᠠᠯᠲᠠ ᠶᠢᠨ ᠴᠡᠭ ᠲᠤ ᠭᠦᠨᠵᠡᠭᠡᠶᠢᠷᠡᠵᠦ᠂ ᠬᠥᠳᠡᠯᠮᠦᠷᠢ ᠬᠦᠴᠦᠨ ᠤ | ᠪᠠᠶᠢᠴᠠᠭᠠᠯᠲᠠ ᠶᠢᠨ ᠡᠷᠦᠬᠡ ᠳᠤ ᠬᠦᠷᠴᠦ ᠪᠠᠷ᠎ᠠ ᠪᠣᠯᠵᠣ ᠰᠤᠷᠪᠤᠯᠵᠢᠯᠠᠬᠤ ᠠᠵᠢᠯ ᠢ ᠥᠷᠨᠢᠭᠦᠯᠪᠡ᠃ | | ᠪᠠᠷ᠎ᠠ ᠪᠣᠯᠵᠤ ᠰᠤᠷᠪᠤᠯᠵᠢᠯᠠᠬᠤ ᠶᠠᠪᠤᠴᠠ ᠳᠤ᠂ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ | ᠬᠥᠳᠡᠯᠮᠦᠷᠢ ᠬᠦᠴᠦᠨ ᠤ ᠲᠤᠰᠬᠠᠶ ᠮᠡᠷᠭᠡᠵᠢᠯ ᠤᠨ ᠠᠵᠢᠯᠲᠠᠨ ᠲᠤᠰᠠᠯᠠᠬᠤ ᠪᠠᠶᠢᠴᠠᠭᠠᠭᠴᠢ ᠶᠢᠨ ᠡᠬᠡ ᠲᠠᠩᠰᠠ ᠶᠢ | ᠭᠥᠯᠢᠶᠡᠨ ᠠᠪᠤᠭᠰᠠᠨ ᠪᠠᠶᠢᠳᠠᠯ ᠢ ᠨᠠᠷᠢᠨ ᠬᠢᠨᠠᠮᠠᠭᠠᠶ ᠪᠠᠶᠢᠴᠠᠭᠠᠨ ᠦᠵᠡᠵᠦ᠂ ᠪᠠᠶᠢᠴᠠᠭᠠᠭᠴᠢ ᠶᠢᠨ ᠲᠣᠭᠲᠠᠭᠠᠯ | ᠶᠣᠰᠣᠭᠠᠷ ᠠᠯᠪᠠᠨ ᠵᠠᠷ ᠨᠠᠭᠠᠵᠤ ᠪᠠᠶᠢᠬᠤ ᠪᠠ ᠨᠢᠭᠡ ᠬᠤᠪᠢ ᠵᠠᠬᠢᠳᠠᠯ᠂ PAD ᠲᠥᠬᠦᠭᠡᠷᠦᠮᠵᠢ ᠨᠢ ᠬᠡᠪ ᠤᠨ ᠪᠠᠶᠢᠬᠤ | ᠡᠰᠡᠬᠦ᠂ ᠪᠠᠶᠢᠴᠠᠭᠠᠬᠤ ᠲᠠᠰ ᠳᠠᠷᠠᠭᠠᠯᠠᠯ ᠨᠢ ᠬᠠᠮᠤᠭ ᠤᠨ ᠰᠢᠨ᠎ᠡ ᠬᠡᠪᠯᠡᠯ ᠢᠶᠠᠷ ᠴᠠᠭ ᠲᠤᠬᠠᠶ ᠳᠤᠨᠢ ᠰᠢᠨᠡᠳᠬᠡᠭᠰᠡᠨ | ᠡᠰᠡᠬᠦ᠂ ᠭᠡᠷᠡᠴᠢ ᠦᠨᠡᠮᠯᠡᠯ ᠨᠢ ᠪᠦᠷᠢᠨ ᠭᠦᠢᠴᠡᠳ ᠪᠠᠶᠢᠬᠤ ᠡᠰᠡᠬᠦ᠂ ᠪᠠᠶᠢᠴᠠᠭᠠᠭᠳᠠᠬᠤ ᠡᠲᠡᠭᠡᠳ ᠨᠢ ᠵᠥᠪ | ᠣᠨᠣᠪᠴᠢᠲᠠᠶ ᠪᠠᠶᠢᠬᠤ ᠡᠰᠡᠬᠦ᠂ ᠠᠰᠠᠭᠤᠨ ᠯᠠᠪᠯᠠᠬᠤ ᠠᠷᠭ᠎ᠠ ᠮᠠᠶ᠋ᠢᠭ ᠨᠢ ᠵᠦᠶ ᠵᠣᠬᠢᠰᠲᠠᠶ ᠪᠠᠶᠢᠬᠤ ᠡᠰᠡᠬᠦ᠂ ᠪᠠᠶᠢᠴᠠᠭᠠᠬᠤ | ᠶᠠᠪᠤᠴᠠ ᠨᠢ ᠵᠢᠷᠤᠮᠵᠢᠭᠰᠠᠨ ᠡᠰᠡᠬᠦ ᠵᠡᠷᠭᠡ ᠦᠨᠳᠦᠰᠦᠨ ᠪᠠᠶᠢᠳᠠᠯ ᠢ ᠭᠤᠤᠯᠳᠠᠯᠭ᠎ᠠ ᠲᠠᠢ ᠠᠩᠬᠠᠷᠴᠤ᠂ ᠴᠠᠭᠠᠨ | ᠰᠠᠷ᠎ᠠ ᠳᠤ ᠨᠤᠲᠤᠭ ᠲᠠᠭᠠᠨ ᠪᠤᠴᠠᠭᠰᠠᠨ ᠬᠥᠮᠦᠰ ᠤᠨ ᠠᠵᠢᠯ ᠣᠯᠭᠤᠯᠲᠠ ᠶᠢᠨ ᠪᠠᠶᠢᠳᠠᠯ ᠢ ᠭᠤᠤᠯᠳᠠᠯᠭ᠎ᠠ ᠲᠠᠢ | ᠠᠩᠬᠠᠷᠴᠤ᠂ ᠪᠠᠶᠢᠴᠠᠭᠠᠭᠴᠢ ᠳᠤ ᠣᠨᠴᠠᠭᠠᠶ ᠪᠠᠶᠢᠳᠠᠯ ᠤᠨ ᠲᠤᠬᠠᠶ ᠲᠠᠶᠢᠯᠪᠤᠷᠢ ᠬᠢᠬᠦ ᠶᠢ ᠴᠠᠭ ᠲᠤᠬᠠᠶ ᠳᠤᠨᠢ | ᠰᠠᠨᠠᠭᠤᠯᠪᠠ︔ ᠡᠭᠦᠨ ᠤ ᠬᠠᠮᠲᠤ ᠡᠷᠦᠬᠡ ᠳᠤ ᠬᠦᠷᠴᠦ ᠪᠠᠶᠢᠴᠠᠭᠠᠨ ᠠᠰᠠᠭᠤᠬᠤ ᠤᠷ᠎ᠠ ᠮᠡᠷᠭᠡᠵᠢᠯ᠂ ᠠᠵᠢᠯ ᠤᠨ | ᠶᠠᠪᠤᠴᠠ ᠶᠢ ᠵᠢᠷᠤᠮᠵᠢᠭᠤᠯᠬᠤ᠂ ᠪᠠᠶᠢᠴᠠᠭᠠᠬᠤ ᠠᠵᠢᠯ ᠢ ᠴᠢᠨᠠᠷ ᠰᠠᠶᠢᠲᠠᠶ ᠥᠷᠨᠢᠭᠦᠯᠬᠦ ᠵᠡᠷᠭᠡ ᠲᠠᠯ᠎ᠠ ᠪᠠᠷ ᠬᠠᠪᠰᠤᠷᠤᠨ | ᠪᠠᠶᠢᠴᠠᠭᠠᠭᠴᠢ ᠲᠠᠢ ᠰᠠᠨᠠᠯ ᠢᠶᠠᠨ ᠰᠣᠯᠢᠯᠴᠠᠵᠤ᠂ ᠡᠷᠦᠬᠡ ᠳᠤ ᠣᠷᠣᠵᠤ ᠠᠶᠢᠯᠴᠢᠯᠠᠭᠰᠠᠨ ᠲᠡᠮᠳᠡᠭᠯᠡᠯ ᠢᠶᠠᠨ ᠴᠠᠭ | ᠲᠤᠬᠠᠶ ᠳᠤᠨᠢ ᠲᠠᠭᠯᠠᠪᠠ᠃ | ᠳᠠᠷᠠᠭᠠᠴᠢ ᠶᠢᠨ ᠠᠯᠬᠤᠮ ᠳᠤ᠂ ᠤᠳᠠ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠡᠷᠦᠩᠬᠡᠶ | ᠠᠩᠭᠢ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ︽ᠴᠢᠩᠭ᠎ᠠ᠂ ᠨᠠᠷᠢᠯᠢᠭ᠂ ᠪᠣᠳᠠᠲᠠᠶ︾ ᠠᠵᠢᠯ ᠤᠨ ᠰᠤᠷᠲᠠᠯ ᠢ | ᠪᠠᠷᠢᠮᠲᠠᠯᠠᠨ᠂ ᠬᠥᠳᠡᠯᠮᠦᠷᠢ ᠬᠦᠴᠦᠨ ᠤ ᠦᠨᠳᠦᠰᠦᠨ ᠱᠠᠲᠤᠨ ᠤ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠠᠩᠬᠠᠨ ᠤ | ᠰᠠᠭᠤᠷᠢ ᠶᠢ ᠰᠠᠶᠢᠲᠤᠷ ᠲᠠᠯᠪᠢᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠬᠥᠳᠡᠯᠮᠦᠷᠢ ᠬᠦᠴᠦᠨ ᠤ | ᠪᠠᠶᠢᠴᠠᠭᠠᠯᠲᠠ ᠶᠢᠨ ᠠᠵᠢᠯ ᠤᠨ ᠮᠡᠳᠡᠬᠦ ᠨᠣᠷᠮ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠪᠠᠶᠢᠴᠠᠭᠠᠯᠲᠠ ᠶᠢᠨ | ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠵᠤ᠂ ᠬᠥᠳᠡᠯᠮᠦᠷᠢ ᠬᠦᠴᠦᠨ ᠤ ᠪᠠᠶᠢᠴᠠᠭᠠᠯᠲᠠ ᠶᠢᠨ ᠡᠷᠦᠬᠡ ᠳᠤ | ᠬᠦᠷᠴᠦ ᠪᠠᠷ᠎ᠠ ᠪᠣᠯᠵᠣ ᠰᠤᠷᠪᠤᠯᠵᠢᠯᠠᠬᠤ ᠠᠵᠢᠯ ᠢ ᠰᠠᠶᠢᠲᠤᠷ ᠬᠢᠵᠦ᠂ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ | ᠦᠨᠡᠨ ᠪᠣᠳᠠᠲᠠᠶ᠂ ᠣᠨᠣᠪᠴᠢᠲᠠᠶ ᠪᠠᠶᠢᠬᠤ ᠶᠢ ᠦᠨᠡᠨᠬᠦ ᠪᠠᠲᠤᠯᠠᠨ᠎ᠠ᠃ | |