ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠶ ᠬᠤᠲᠠ ᠶᠢᠨ ᠤᠳᠠ ᠲᠣᠭᠤᠷᠢᠭ ᠤᠨ ᠶᠢᠰᠦᠳᠦᠭᠡᠷ | ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ | ︵2025 ᠣᠨ ᠤ 2 ᠰᠠᠷ᠎ᠠ ᠶᠢᠨ 7 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠶ | ᠬᠤᠲᠠ ᠶᠢᠨ ᠤᠳᠠ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠲᠠᠪᠤᠳᠤᠭᠠᠷ ᠪᠥᠬᠦᠳᠡ ᠬᠤᠷᠠᠯ ᠠᠴᠠ ᠪᠠᠲᠤᠯᠠᠪᠠ︶ | ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠶ ᠬᠤᠲᠠ ᠶᠢᠨ ᠤᠳᠠ ᠲᠣᠭᠤᠷᠢᠭ ᠤᠨ ᠶᠢᠰᠦᠳᠦᠭᠡᠷ | ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠥᠬᠦᠳᠡ ᠬᠤᠷᠠᠯ 2025 ᠣᠨ ᠤ 2 | ᠰᠠᠷ᠎ᠠ ᠶᠢᠨ 7 ᠤ ᠡᠳᠦᠷ ᠬᠤᠷᠠᠯᠳᠤᠪᠠ᠃ ᠡᠨᠡ ᠤᠳᠠᠭᠠᠨ ᠤ ᠪᠥᠬᠦᠳᠡ ᠬᠤᠷᠠᠯ ᠳᠤ ᠲᠤᠭᠤᠷᠢᠭ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠭᠡᠰᠢᠭᠦᠨ 15 ᠬᠥᠮᠦᠨ ᠣᠷᠣᠯᠴᠠᠪᠠ᠃ | ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ ᠪᠥᠬᠦᠳᠡ ᠬᠤᠷᠠᠯ ᠳᠤ ᠣᠷᠣᠯᠴᠠᠵᠤ | ᠶᠠᠷᠢᠶ᠎ᠠ ᠲᠠᠯᠪᠢᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠪᠣᠯᠤᠨ ᠬᠤᠯᠪᠣᠭᠳᠠᠯ ᠪᠦᠬᠦᠢ | ᠲᠣᠭᠤᠷᠢᠭ ᠤᠨ ᠱᠠᠲᠤᠨ ᠤ ᠤᠳᠤᠷᠢᠳᠤᠯᠭ᠎ᠠ ᠬᠤᠷᠠᠯ ᠳᠤ ᠣᠷᠣᠯᠴᠠᠪᠠ᠃ ᠬᠤᠯᠪᠣᠭᠳᠠᠯ ᠪᠦᠬᠦᠢ ᠬᠦᠮᠦᠰ ᠬᠤᠷᠠᠯ ᠳᠤ | ᠰᠤᠯᠠ ᠣᠷᠣᠯᠴᠠᠪᠠ᠃ | ᠪᠦᠬᠦᠳᠡ ᠬᠤᠷᠠᠯ ᠢ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ | ᠬᠤᠷᠢᠶ᠎ᠠ ᠠᠴᠠ ᠡᠷᠬᠢᠯᠡᠪᠡ᠃ ᠪᠦᠬᠦᠳᠡ ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠬᠤᠷᠢᠳᠤᠭᠠᠷ | ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ᠂ | ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠲᠠᠪᠤᠳᠤᠭᠠᠷ ᠪᠦᠬᠦᠳᠡ ᠬᠤᠷᠠᠯ᠂ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠨᠠᠢᠮᠠᠳᠤᠭᠠᠷ | ᠬᠤᠭᠤᠴᠠᠭᠠᠨ ᠤ ᠤᠳᠠᠭ᠎ᠠ ᠪᠦᠷᠢ ᠶᠢᠨ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠤᠱᠯᠠᠭᠤᠯᠤᠨ ᠨᠠᠶᠢᠳᠠᠪᠤᠷᠢᠵᠢᠭᠤᠯᠵᠤ᠂ 2024 ᠣᠨ ᠤ ᠪᠦᠬᠦ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠠᠵᠢᠯ ᠢ ᠳ᠋ᠦᠩᠨᠡᠵᠦ᠂ 2025 ᠣᠨ ᠤ ᠠᠵᠢᠯ ᠤᠨ ᠡᠭᠦᠷᠭᠡ ᠶᠢ ᠪᠠᠶᠢᠷᠢᠯᠠᠭᠤᠯᠪᠠ᠃ ᠪᠥᠬᠦᠳᠡ | ᠬᠤᠷᠠᠯ ᠠᠴᠠ ᠯᠢ ᠴᠦᠨ ᠶᠠᠨ ᠨᠥᠬᠦᠷ ᠤᠨ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠬᠢᠭᠰᠡᠨ ︽ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ | ᠢᠯᠵᠠᠷᠠᠯ ᠢ ᠡᠰᠡᠷᠭᠦᠴᠡᠬᠦ ᠲᠡᠮᠡᠴᠡᠯ ᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠨ᠎ᠡ ᠦᠷ᠎ᠡ ᠪᠦᠲᠦᠮᠵᠢ ᠪᠠᠷ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠳᠠ ᠶᠢᠨ ᠰᠢᠨ᠎ᠡ ᠬᠠᠭᠤᠳᠠᠰᠤ ᠶᠢ ᠴᠢᠷᠮᠠᠶᠢᠨ | ᠪᠢᠴᠢᠭᠯᠡᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠶ᠎ᠠ︾ ᠭᠡᠬᠦ ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠵᠦ | ᠪᠠᠲᠤᠯᠠᠪᠠ᠃ | ᠪᠦᠬᠦᠳᠠ ᠬᠤᠷᠠᠯ ᠠᠴᠠ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ᠳᠥᠷᠪᠡᠳᠦᠭᠡᠷ ᠪᠦᠬᠦᠳᠠ ᠬᠤᠷᠠᠯ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ | ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠪᠣᠯᠤᠨ ᠬᠤᠳᠠ ᠶᠢᠨ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠲᠠᠪᠤᠳᠤᠭᠠᠷ ᠪᠦᠬᠦᠳᠠ ᠬᠤᠷᠠᠯ ᠤᠨ | ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠭᠦᠨᠵᠡᠭᠡᠢ ᠣᠶᠢᠯᠠᠭᠠᠪᠠ᠃ ᠰᠢ ᠶᠢᠨ ᠫᠢᠩ ᠶᠡᠷᠦᠩᠬᠡᠢ | ᠱᠦᠵᠢ ᠶᠢᠨ ᠴᠢᠬᠤᠯᠠ ᠶᠠᠷᠢᠶ᠎ᠠ ᠨᠢ ᠢᠯᠵᠢᠷᠡᠯ ᠢ ᠡᠰᠡᠷᠭᠦᠴᠡᠬᠦ ᠲᠡᠮᠡᠴᠡᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ᠂ | ᠤᠳᠠᠭᠠᠨ ᠳᠠᠭᠠᠭᠠᠮᠠᠭᠠᠢ ᠳᠠᠶᠢᠯᠠᠯᠳᠤᠭᠠᠨ᠂ ᠶᠡᠷᠦᠩᠬᠡᠢ ᠳᠠᠶᠢᠯᠠᠯᠳᠤᠭᠠᠨ ᠳᠤ ᠲᠣᠳᠣᠷᠬᠠᠢ ᠱᠠᠭᠠᠷᠳᠠᠯᠭ᠎ᠠ ᠳᠤᠷᠠᠳᠴᠤ᠂ | ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠬᠤ ᠳᠤ ᠤᠷᠤᠭᠰᠢᠯᠠᠯᠲᠠ ᠶᠢᠨ | ᠴᠢᠭᠯᠡᠯ ᠢ ᠲᠣᠳᠣᠷᠬᠠᠢ ᠵᠢᠭᠠᠨ ᠥᠭᠴᠦ᠂ ᠴᠢᠬᠤᠯᠠ ᠵᠢᠷᠤᠮᠯᠠᠯ ᠬᠠᠩᠭᠠᠨ᠎ᠠ ᠭᠡᠵᠦ ᠰᠠᠨᠠᠯ ᠨᠢᠭᠡᠲᠡᠢ ᠦᠵᠡᠪᠡ᠃ | ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠥᠬᠦᠳᠡ | ᠬᠤᠷᠠᠯ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠪᠣᠯᠤᠨ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠨᠠᠢᠮᠠᠳᠤᠭᠠᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠤᠨ ᠠᠵᠢᠯ ᠤᠨ ᠮᠡᠳᠡᠭᠦᠯᠦᠯᠲᠡ ᠬᠢᠵᠦ᠂ ᠰᠠᠬᠢᠯᠭ᠎ᠠ | ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠰᠠᠶᠢᠲᠤᠷ ᠬᠢᠬᠦ ᠳᠤ ᠠᠵᠢᠯᠯᠠᠭᠠᠨ ᠤ ᠵᠢᠯᠣᠭᠤᠳᠤᠮᠵᠢ ᠬᠠᠩᠭᠠᠪᠠ᠃ | ᠶᠠᠨ ᠸᠧᠨ ᠯᠦᠩ ᠨᠥᠬᠦᠷ ᠤᠨ ᠶᠠᠷᠢᠶ᠎ᠠ ᠨᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠰᠠᠶᠢᠲᠤᠷ ᠨᠠᠶᠢᠳᠠᠪᠤᠷᠢᠵᠢᠭᠤᠯᠬᠤ᠂ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠶᠢ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠦᠨ ᠠᠬᠢᠭᠤᠯᠬᠤ ᠲᠤᠬᠠᠢ ᠪᠠᠶᠢᠷᠢᠯᠠᠭᠤᠯᠤᠯᠲᠠ ᠬᠢᠵᠡᠢ᠃ ᠪᠦᠬᠦ | ᠲᠤᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠪᠠᠶᠢᠭᠤᠯᠤᠯᠭ᠎ᠠ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠡᠷᠡᠰ ᠲᠤᠤᠱᠯᠠᠭᠤᠯᠤᠨ | ᠨᠠᠶᠢᠳᠠᠪᠤᠷᠢᠵᠢᠭᠤᠯᠬᠤ ᠬᠡᠷᠡᠭᠲᠡᠢ᠃ | ᠪᠥᠬᠦᠳᠡ ᠬᠤᠷᠠᠯ ᠠᠴᠠ᠂ 2024 ᠣᠨ ᠳᠤ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠥᠪᠯᠡᠯ ᠪᠣᠯᠤᠨ ᠲᠣᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ | ᠪᠥᠬᠦ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠤᠯ ᠰᠢᠵᠢᠮ | ᠪᠣᠯᠭᠠᠵᠤ᠂ ᠢᠮᠠᠭᠲᠠ ︽ᠬᠤᠶᠠᠷ ᠢ ᠬᠠᠮᠠᠭᠠᠯᠠᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠲᠥᠷᠥ ᠶᠢᠨ | ᠬᠢᠨᠠᠯᠲᠠ ᠶᠢ ᠨᠠᠩ ᠣᠨᠣᠪᠴᠢᠲᠠᠶ ᠪᠦᠲᠦᠮᠵᠢᠲᠡᠶ ᠪᠣᠯᠭᠠᠪᠠ︔ ᠬᠡᠷᠡᠭ ᠢ ᠪᠠᠶᠢᠴᠠᠭᠠᠨ ᠰᠢᠢᠳᠪᠦᠷᠢᠯᠡᠬᠦ ᠪᠠᠷ | ᠵᠢᠯᠣᠭᠤᠳᠤᠮᠵᠢ ᠪᠣᠯᠭᠠᠬᠤ ᠶᠢ ᠪᠠᠷᠢᠮᠲᠠᠯᠠᠵᠤ᠂ ᠱᠠᠮᠰᠢᠬᠤ ᠶᠢ ᠵᠠᠯᠬᠠᠭᠠᠵᠤ ᠢᠯᠵᠠᠷᠠᠯ ᠢ ᠵᠠᠰᠠᠬᠤ ᠶᠢ ᠨᠠᠩ ᠰᠢᠰᠲ᠋ᠧᠮ ᠲᠠᠢ | ᠭᠦᠨᠵᠡᠭᠡᠶᠢᠷᠡᠭᠦᠯᠪᠡ︔ ᠵᠤᠷᠰᠢᠯ ᠠᠴᠠ ᠬᠡᠲᠦᠷᠡᠭᠦᠯᠦᠨ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠠᠬᠢᠭᠤᠯᠵᠤ᠂ ᠤᠯᠠᠨ | ᠲᠦᠮᠡᠨ ᠤ ᠬᠦᠷᠲᠡᠮᠵᠢ ᠶᠢᠨ ᠲᠦᠷᠦᠭᠳᠡᠯ ᠨᠡᠩ ᠡᠯᠪᠡᠭ ᠪᠠᠶᠠᠯᠢᠭ ᠪᠣᠯᠪᠠ︔ ︽ᠲᠦᠷᠪᠡᠨ ᠰᠤᠷᠲᠠᠯ︾ ᠢ ᠦᠷᠭᠦᠯᠵᠢᠯᠡᠨ | ᠭᠦᠨᠵᠡᠭᠡᠢ ᠵᠠᠯᠠᠷᠠᠭᠤᠯᠤᠨ ᠵᠠᠰᠠᠵᠤ᠂ ᠰᠤᠷᠲᠠᠯ ᠤᠨ ᠪᠠᠶᠢᠭᠤᠯᠤᠯᠲᠠ ᠶᠢ ᠨᠡᠩ ᠪᠠᠶᠢᠩᠭᠤ ᠶᠢᠨ ᠪᠥᠭᠡᠳ ᠤᠷᠳᠤ | ᠬᠤᠭᠤᠴᠠᠭᠠᠨ ᠤ ᠪᠦᠲᠦᠮᠵᠢᠲᠡᠢ ᠪᠣᠯᠭᠠᠨ᠎ᠠ︔ ᠤᠯᠤᠰ ᠲᠦᠷᠦ ᠶᠢᠨ ᠴᠠᠭᠳᠠᠨ ᠪᠠᠶᠢᠴᠠᠭᠠᠯᠲᠠ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠬᠤᠷᠴᠠ ᠰᠡᠯᠡᠮ᠎ᠡ ᠶᠢᠨ ᠦᠢᠯᠡᠳᠦᠯ ᠢ ᠨᠡᠩ ᠬᠦᠴᠦᠲᠡᠢ ᠢᠯᠡᠷᠡᠭᠦᠯᠪᠡ︔ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠲᠡᠮᠦᠷ ᠴᠡᠷᠢᠭ ᠢ ᠳᠠᠪᠲᠠᠨ ᠪᠣᠯᠪᠠᠰᠤᠷᠠᠭᠤᠯᠪᠠ᠃ ᠠᠮᠵᠢᠯᠲᠠ ᠪᠠᠨ ᠨᠤᠲᠠᠯᠠᠬᠤ ᠶᠢᠨ ᠬᠠᠮᠲᠤ ᠣᠷᠣᠰᠢᠵᠤ | ᠪᠠᠶᠢᠭ᠎ᠠ ᠠᠰᠠᠭᠤᠳᠠᠯ ᠢ ᠦᠨᠡᠨ ᠪᠣᠳᠠᠲᠠᠶ ᠪᠠᠷ ᠵᠠᠳᠠᠯᠵᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠦᠨᠡᠨ ᠬᠦ | ᠰᠢᠢᠳᠪᠦᠷᠢᠯᠡᠬᠦ ᠬᠡᠷᠡᠭᠲᠡᠶ ᠭᠡᠵᠦ ᠱᠠᠭᠠᠷᠳᠠᠪᠠ᠃ | ᠪᠥᠬᠦᠳᠡ ᠬᠤᠷᠠᠯ ᠠᠴᠠ᠂ 2025 ᠣᠨ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ | ᠭᠤᠤᠯ ᠰᠢᠵᠢᠮ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ | ᠲᠤᠬᠠᠶ ᠴᠢᠬᠤᠯᠠ ᠦᠵᠡᠯ ᠰᠠᠨᠠᠭ᠎ᠠ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠶ ᠴᠢᠬᠤᠯᠠ ᠦᠵᠡᠯ | ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠣᠯᠤᠨ ᠴᠢᠩᠭ᠎ᠠ | ᠪᠠᠷᠢᠮᠵᠢᠶ᠎ᠠ ᠪᠠᠷ ᠨᠠᠮ ᠢ ᠴᠢᠩᠭ᠎ᠠ ᠵᠠᠰᠠᠬᠤ ᠶᠢ ᠪᠠᠷᠢᠮᠲᠠᠯᠠᠵᠤ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠤᠯᠤᠰ | ᠲᠥᠷᠥ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ | ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ ᠭᠦᠨᠵᠡᠭᠡᠶ ᠠᠬᠢᠭᠤᠯᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠭᠰᠠᠨ ᠤᠳᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠪᠠᠲᠤ ᠴᠢᠩᠭ᠎ᠠ | ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠳᠤᠷᠠᠳᠪᠠ᠃ | ᠨᠢᠭᠡᠳᠦᠭᠡᠷ ᠲᠤ᠂ ᠤᠯᠤᠰ ᠲᠦᠷᠦ ᠶᠢᠨ ᠬᠢᠨᠠᠯᠲᠠ ᠶᠢ ᠪᠣᠳᠠᠲᠠᠶᠢᠵᠢᠭᠤᠯᠤᠨ ᠣᠨᠣᠴᠠᠲᠠᠢ ᠪᠠᠶᠢᠩᠭᠤᠵᠢᠭᠤᠯᠬᠤ ᠶᠢ | ᠭᠦᠨᠵᠡᠭᠡᠶᠢᠷᠡᠭᠦᠯᠵᠦ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ | ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠵᠢᠴᠢ ᠥᠪᠡᠷᠲᠡᠭᠡᠨ | ᠵᠠᠰᠠᠬᠤ ᠣᠷᠣᠨ᠂ ᠦᠬᠠᠶ ᠬᠤᠲᠠ ᠪᠣᠯᠤᠨ ᠤᠳᠠ ᠲᠣᠭᠤᠷᠢᠭ ᠤᠨ ᠭᠤᠤᠯᠳᠠᠯᠭ᠎ᠠ ᠲᠠᠢ ᠠᠵᠢᠯ ᠤᠨ ᠱᠠᠭᠠᠷᠳᠠᠯᠭ᠎ᠠ ᠲᠠᠢ | ᠪᠥᠬᠦ ᠲᠠᠯ᠎ᠠ ᠪᠠᠷ ᠪᠠᠷᠢᠮᠵᠢᠶᠠᠯᠠᠨ ᠬᠠᠷᠭᠤᠭᠤᠯᠵᠤ᠂ ᠨᠠᠷᠢᠨ ᠲᠠᠩᠰᠠ ᠶᠢᠨ ᠡᠬᠡ ᠲᠠᠩᠰᠠ ᠪᠠᠶᠢᠭᠤᠯᠤᠨ᠂ ᠪᠢᠲᠡᠭᠦᠮᠵᠢᠯᠡᠭᠰᠡᠨ | ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃ ᠡᠯ᠎ᠡ ᠲᠥᠷᠥᠯ ᠤᠨ ᠬᠢᠨᠠᠯᠲᠠ ᠲᠠᠯᠪᠢᠯᠲᠠ ᠶᠢᠨ ᠨᠡᠪᠲᠡᠷᠡᠯᠴᠡᠨ | ᠵᠣᠬᠢᠴᠠᠭᠤᠯᠬᠤ ᠲᠣᠭᠲᠠᠴᠠ ᠪᠠ ︽ᠨᠢᠭᠡ ᠱᠤᠭᠤᠮ︾ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠣᠭᠲᠠᠴᠠ ᠶᠢ | ᠴᠡᠭᠴᠡᠯᠡᠨ ᠰᠠᠶᠢᠵᠢᠷᠠᠭᠤᠯᠬᠤ ᠶᠢ ᠭᠦᠨᠵᠡᠭᠡᠶᠢᠷᠡᠭᠦᠯᠵᠦ᠂ ᠴᠡᠭᠴᠡᠯᠡᠨ ᠰᠠᠶᠢᠵᠢᠷᠠᠭᠤᠯᠤᠭᠰᠠᠨ ᠢᠶᠠᠷ ᠬᠦᠷᠦᠯᠴᠡᠬᠦ ᠥᠬᠡᠶ | ᠲᠦᠢᠯᠪᠤᠷᠢᠲᠠᠶ ᠥᠬᠡᠶ ᠴᠢᠨᠠᠭᠰᠢᠯᠠᠪᠠᠯ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠤᠭᠰᠠᠨ᠂ ᠴᠠᠭᠠᠰᠤᠨ | ᠳᠡᠭᠡᠷ᠎ᠡ ᠴᠡᠭᠴᠡᠯᠡᠨ ᠰᠠᠶᠢᠵᠢᠷᠠᠭᠤᠯᠤᠭᠰᠠᠨ ᠬᠥᠮᠦᠨ ᠪᠠ ᠬᠡᠷᠡᠭ ᠢ ᠴᠢᠩᠭ᠎ᠠ ᠰᠢᠢᠳᠪᠦᠷᠢᠯᠡᠨ᠎ᠡ᠃ | ᠬᠤᠶᠠᠳᠤᠭᠠᠷ ᠲᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ | ᠭᠦᠨᠵᠡᠭᠡᠶᠢᠷᠡᠭᠦᠯᠦᠨ ᠪᠠᠬᠢᠵᠢᠭᠦᠯᠵᠦ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ᠂ ᠠᠵᠢᠯ ᠬᠢᠵᠦ | ᠦᠢᠯᠡᠰ ᠪᠤᠰᠬᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠶᠢ ᠠᠬᠢᠭᠤᠯᠤᠨ᠎ᠠ᠃ ᠵᠠᠯᠠᠭᠤ ᠺᠠᠳ᠋ᠷ᠂ | ᠰᠢᠨ᠎ᠡ ᠪᠠᠷ ᠲᠤᠰᠢᠶᠠᠯ ᠡᠭᠦᠷᠭᠡᠯᠡᠭᠰᠡᠨ ᠺᠠᠳ᠋ᠷ᠂ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠺᠠᠳ᠋ᠷ ᠵᠡᠷᠭᠡ | ᠭᠤᠤᠯᠳᠠᠯᠭ᠎ᠠ ᠲᠠᠢ ᠡᠲᠡᠭᠡᠳ ᠢ ᠳᠣᠪᠤᠶᠢᠯᠭᠠᠵᠤ᠂ ᠰᠠᠬᠢᠯᠭ᠎ᠠ ᠪᠠᠲᠤ ᠶᠢᠨ ᠬᠥᠮᠦᠵᠢᠯ ᠢ ᠪᠠᠶᠢᠩᠭᠤᠵᠢᠭᠤᠯᠤᠨ ᠣᠷᠳᠣ | ᠬᠤᠭᠤᠴᠠᠭ᠎ᠠ ᠪᠠᠷ ᠪᠦᠲᠦᠮᠵᠢᠲᠡᠶ ᠪᠠᠶᠢᠯᠭᠠᠬᠤ ᠶᠢ ᠠᠬᠢᠭᠤᠯᠤᠨ᠎ᠠ᠃ ᠰᠡᠷᠡᠮᠵᠢᠯᠡᠭᠦᠯᠬᠦ ᠬᠥᠮᠦᠵᠢᠯ ᠢ ᠭᠦᠨᠵᠡᠭᠡᠶᠢᠷᠡᠭᠦᠯᠵᠦ᠂ | ᠬᠡᠷᠡᠭ ᠤᠨ ᠵᠢᠱᠢᠶ᠎ᠡ ᠶᠢᠨ ᠰᠡᠷᠡᠮᠵᠢᠯᠡᠭᠦᠯᠬᠦ ᠬᠥᠮᠦᠵᠢᠯ ᠢ ᠨᠠᠮ ᠤᠨ ᠰᠤᠷᠭᠠᠭᠤᠯᠢ ᠶᠢᠨ ᠪᠣᠯᠪᠠᠰᠤᠷᠠᠭᠤᠯᠤᠯ᠂ ᠺᠠᠳ᠋ᠷ ᠤᠨ | ᠲᠤᠰᠢᠶᠠᠯ ᠳᠤ ᠭᠠᠷᠬᠤ ᠠᠴᠠ ᠡᠮᠦᠨᠡᠬᠢ ᠠᠷᠢᠭᠤᠨ ᠴᠢᠬᠡᠴᠢ ᠪᠠᠷ ᠵᠠᠰᠠᠭ ᠪᠠᠷᠢᠬᠤ ᠶᠠᠷᠢᠯᠴᠠᠭᠠᠨ ᠤ ᠠᠭᠤᠯᠭ᠎ᠠ ᠳᠤ | ᠣᠷᠣᠭᠤᠯᠵᠤ᠂ ᠰᠠᠬᠢᠯᠭ᠎ᠠ ᠪᠠᠲᠤ ᠶᠢᠨ ᠲᠣᠭᠲᠠᠭᠠᠯ ᠠᠴᠠ ᠵᠥᠷᠢᠴᠡᠨ ︽ᠤᠯᠠᠭᠠᠨ ᠱᠤᠭᠤᠮ︾ ᠢ ᠭᠢᠰᠬᠢᠵᠦ᠂ | ︽ᠠᠶᠤᠩᠭᠠᠲᠤ ᠣᠷᠣᠨ︾ ᠢ ᠳᠠᠭᠠᠷᠢᠭᠰᠠᠨ ᠪᠠᠶᠢᠪᠠᠯ᠂ ᠨᠢᠭᠡ ᠶᠢ ᠣᠯᠵᠤ ᠮᠡᠳᠡᠪᠡᠯ ᠨᠢᠭᠡ ᠶᠢ ᠡᠷᠡᠰ ᠪᠠᠶᠢᠴᠠᠭᠠᠨ | ᠰᠢᠢᠳᠪᠦᠷᠢᠯᠡᠬᠦ ᠬᠡᠷᠡᠭᠲᠡᠢ᠃ ︽ᠳᠥᠷᠪᠡᠨ ᠵᠦᠢᠯ ᠤᠨ ᠬᠡᠯᠪᠡᠷᠢ ᠪᠠᠶᠢᠳᠠᠯ︾ ᠢ ᠣᠨᠣᠪᠴᠢᠲᠠᠶ ᠬᠡᠷᠡᠭᠯᠡᠵᠦ᠂ ︽ᠭᠤᠷᠪᠠ ᠶᠢ | ᠢᠯᠭᠠᠬᠤ︾ ᠶᠢ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠵᠤ᠂ ᠬᠥᠮᠦᠨ ᠪᠠ ᠬᠡᠷᠡᠭ ᠶᠠᠪᠤᠳᠠᠯ ᠢ ᠦᠵᠡᠵᠦ ᠠᠯᠳᠠᠭ᠎ᠠ | ᠪᠤᠷᠤᠭᠤ ᠶᠢ ᠵᠠᠯᠠᠷᠠᠭᠤᠯᠵᠤ᠂ ᠭᠦᠳᠬᠡᠨ ᠬᠤᠤᠷᠯᠠᠭᠰᠠᠨ ᠺᠠᠳ᠋ᠷ ᠢ ᠴᠠᠭ ᠲᠤᠬᠠᠶ ᠳᠤᠨᠢ ᠲᠣᠳᠤᠷᠬᠠᠶᠢᠯᠠᠨ᠎ᠠ᠃ | ᠭᠤᠷᠪᠠᠳᠤᠭᠠᠷ ᠲᠤ᠂ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠵᠡᠷᠭᠡ ᠪᠠᠷ ᠪᠠᠶᠢᠴᠠᠭᠠᠵᠤ | ᠵᠡᠷᠭᠡ ᠪᠠᠷ ᠵᠠᠰᠠᠬᠤ ᠶᠢ ᠭᠦᠨᠵᠡᠭᠡᠶᠢᠷᠡᠭᠦᠯᠵᠦ᠂ ᠰᠤᠷᠲᠠᠯ ᠢ ᠴᠡᠭᠴᠡᠯᠡᠨ ᠢᠯᠵᠠᠷᠠᠯ ᠢ ᠡᠰᠡᠷᠭᠦᠴᠡᠬᠦ ᠶᠢ ᠨᠢᠭᠡ | ᠴᠤᠬᠴᠠᠵᠢᠭᠤᠯᠤᠨ ᠵᠠᠯᠠᠷᠠᠭᠤᠯᠤᠨ ᠵᠠᠰᠠᠬᠤ ᠶᠢ ᠠᠬᠢᠭᠤᠯᠬᠤ ᠬᠡᠷᠡᠭᠲᠡᠢ᠃ ︽ᠭᠤᠷᠪᠠᠨ ᠠᠷᠪᠢᠨ ᠭᠤᠷᠪᠠᠨ ᠤᠳᠠᠭᠠᠨ︾ | ︽ᠤᠳᠠᠭᠠᠨ ᠪᠦᠳᠦᠭᠦᠯᠢᠭ︾ ᠵᠡᠷᠭᠡ ᠬᠡᠯᠪᠡᠷᠢᠴᠢ ᠦᠵᠡᠯ ᠤᠨ ᠨᠣᠶᠠᠨᠴᠢ ᠰᠤᠷᠲᠠᠯ ᠤᠨ ᠠᠰᠠᠭᠤᠳᠠᠯ ᠢ ᠴᠢᠩᠭ᠎ᠠ | ᠵᠠᠯᠠᠷᠠᠭᠤᠯᠤᠨ ᠵᠠᠰᠠᠵᠤ᠂ ᠵᠢᠷᠭᠠᠨ ᠴᠡᠩᠭᠡᠵᠦ ᠱᠠᠯᠢᠨ ᠪᠦᠷᠢᠯᠭᠡᠬᠦ ᠭᠠᠵᠢᠭᠤ ᠰᠤᠷᠲᠠᠯ ᠢ ᠬᠦᠴᠦᠯᠡᠨ ᠴᠡᠭᠴᠡᠯᠡᠨ ᠵᠠᠰᠠᠵᠤ᠂ | ᠠᠷᠢᠬᠢ ᠤᠤᠭᠤᠵᠤ ᠰᠣᠭᠲᠣᠭᠤ ᠪᠠᠷ ᠲᠡᠷᠭᠡ ᠵᠢᠯᠣᠭᠤᠳᠤᠭᠰᠠᠨ ᠬᠡᠷᠡᠭ ᠤᠨ ᠠᠷᠤ ᠳᠠᠬᠢ ᠲᠣᠭᠲᠠᠭᠠᠯ ᠠᠴᠠ ᠵᠥᠷᠢᠴᠡᠨ | ᠢᠳᠡᠵᠦ ᠤᠤᠭᠤᠬᠤ ᠠᠰᠠᠭᠤᠳᠠᠯ ᠤᠨ ᠰᠦᠪᠡᠭᠴᠢ ᠶᠢ ᠭᠦᠨᠵᠡᠭᠡᠶ ᠠᠭᠤᠳᠠᠯᠤᠨ ᠨᠠᠷᠢᠨ ᠪᠠᠶᠢᠴᠠᠭᠠᠪᠠ᠃ ᠤᠯᠤᠰ ᠤᠨ | ᠦᠮᠴᠢᠯᠡᠯᠲᠦ ᠠᠵᠤ ᠠᠬᠤᠶᠢᠯᠠᠯ᠂ ᠡᠨᠧᠷᠭᠢ᠂ ᠡᠮ ᠡᠮᠨᠡᠯᠭᠡ᠂ ᠨᠡᠭᠡᠭᠡᠯᠲᠡ ᠶᠢᠨ ᠤᠷᠤᠨ᠂ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠪᠠ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠰᠢᠰᠲ᠋ᠧᠮ ᠢ ᠴᠡᠭᠴᠡᠯᠡᠨ ᠵᠠᠰᠠᠬᠤ ᠶᠢ | ᠭᠤᠤᠯᠳᠠᠯᠭ᠎ᠠ ᠲᠠᠢ ᠰᠠᠶᠢᠲᠤᠷ ᠠᠳᠬᠤᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠠ ᠨᠡᠭᠦᠷᠡᠰᠦᠨ ᠤ | ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠪᠠᠶᠢᠩᠭᠤᠵᠢᠭᠤᠯᠤᠨ | ᠵᠠᠰᠠᠬᠤ ᠶᠢ ᠦᠷᠭᠦᠯᠵᠢᠯᠡᠨ ᠰᠠᠶᠢᠲᠤᠷ ᠠᠳᠬᠤᠨ᠎ᠠ᠃ ᠬᠡᠭᠡᠯᠢ ᠲᠦᠯᠬᠢᠵᠦ ᠬᠠᠭ᠋ᠤᠤᠯᠢ ᠢᠳᠡᠭᠰᠡᠨ ᠤ ᠣᠯᠤᠭᠰᠠᠨ ᠵᠣᠬᠢᠰ | ᠦᠭᠡᠶ ᠠᠰᠢᠭ ᠲᠤᠰᠠ ᠶᠢ ᠨᠡᠬᠡᠮᠵᠢᠯᠡᠨ ᠲᠤᠰᠢᠶᠠᠯᠭᠠᠬᠤ ᠪᠠ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠡᠷᠴᠢᠮ ᠢᠶᠠᠨ | ᠨᠡᠮᠡᠭᠳᠡᠭᠦᠯᠦᠨ᠎ᠡ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠨᠠᠭᠤᠯᠭ᠎ᠠ ᠶᠢ ᠣᠨᠣᠪᠴᠢᠲᠠᠶ ᠪᠥᠭᠡᠳ | ᠰᠠᠶᠢᠲᠤᠷ ᠬᠡᠷᠡᠭᠯᠡᠵᠦ᠂ ᠬᠡᠷᠡᠭ ᠢᠶᠠᠷ ᠰᠠᠬᠢᠯᠭ᠎ᠠ ᠪᠠᠲᠤ ᠶᠢ ᠲᠣᠳᠣᠷᠬᠠᠶᠢᠯᠠᠬᠤ᠂ ᠬᠡᠷᠡᠭ ᠢᠶᠠᠷ ᠥᠭᠡᠷᠡᠴᠢᠯᠡᠯᠲᠡ ᠶᠢ | ᠠᠬᠢᠭᠤᠯᠬᠤ᠂ ᠬᠡᠷᠡᠭ ᠢᠶᠠᠷ ᠵᠠᠰᠠᠬᠤ ᠶᠢ ᠠᠬᠢᠭᠤᠯᠬᠤ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ | ᠣᠨᠴᠠᠯᠢᠭ ᠲᠠᠢ ᠠᠷᠢᠭᠤᠨ ᠴᠢᠬᠡᠴᠢ ᠰᠣᠶᠣᠯ ᠤᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠨ᠎ᠠ᠃ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠶᠢᠨ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠬᠦ | ᠠᠵᠢᠯ ᠤᠨ ᠬᠠᠤᠯᠢᠵᠢᠯ ᠢ ᠭᠦᠨᠵᠡᠭᠡᠢ ᠠᠬᠢᠭᠤᠯᠤᠨ᠎ᠠ᠃ | ᠳᠥᠷᠪᠡᠳᠦᠭᠡᠷ ᠲᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ | ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠤᠯᠠᠨ ᠲᠦᠮᠡᠨ ᠤ ᠬᠦᠷᠲᠡᠮᠵᠢ ᠶᠢᠨ | ᠲᠦᠷᠦᠭᠳᠡᠯ ᠢ ᠲᠠᠰᠤᠷᠠᠯᠳᠠ ᠦᠭᠡᠢ ᠲᠡᠭᠦᠯᠳᠡᠷᠵᠢᠭᠦᠯᠬᠦ ᠶᠢ ᠠᠬᠢᠭᠤᠯᠬᠤ ᠬᠡᠷᠡᠭᠲᠡᠢ᠃ ᠱᠠᠮᠰᠢᠨ ᠡᠵᠡᠯᠡᠭᠰᠡᠨ᠂ ᠦᠯᠡᠳᠡᠭᠡᠨ | ᠠᠪᠴᠤ ᠨᠡᠭᠦᠯᠭᠡᠨ ᠬᠡᠷᠡᠭᠯᠡᠭᠰᠡᠨ᠂ ᠬᠤᠳᠠᠯ ᠢᠶᠠᠷ ᠮᠡᠳᠡᠭᠦᠯᠵᠦ ᠬᠠᠭᠤᠷᠮᠠᠭᠯᠠᠨ ᠠᠪᠤᠭᠰᠠᠨ᠂ ᠢᠳᠡᠵᠦ ᠠᠪᠴᠤ ᠬᠠᠰᠢᠬᠤ | ᠵᠡᠷᠭᠡ ᠠᠰᠠᠭᠤᠳᠠᠯ ᠢ ᠴᠢᠩᠭ᠎ᠠ ᠪᠠᠶᠢᠴᠠᠭᠠᠨ᠎ᠠ᠃ ᠣᠷᠣᠰᠢᠭᠤᠯᠭ᠎ᠠ ᠶᠢᠨ ᠬᠦᠷᠢᠶᠡᠨ ᠳᠠᠬᠢ ᠢᠯᠵᠠᠷᠠᠮᠠᠯ ᠦᠵᠡᠭᠳᠡᠯ ᠢ | ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ︽ᠰᠤᠷᠭᠠᠭᠤᠯᠢ ᠶᠢᠨ ᠬᠦᠷᠢᠶᠡᠨ ᠤ | ᠬᠤᠭᠤᠯᠠ︾᠂ ᠬᠥᠳᠡᠭᠡ ᠲᠣᠰᠬᠤᠨ ᠤ ᠬᠠᠮᠲᠤ ᠶᠢᠨ ︽ᠭᠤᠷᠪᠠᠨ ᠪᠡᠯᠡ︾ ᠶᠢᠨ ᠬᠠᠮᠢᠶᠠᠷᠤᠯᠲᠠ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠯᠠ ᠮᠥᠩᠭᠦ ᠶᠢᠨ ᠬᠡᠷᠡᠭᠯᠡᠯᠲᠡ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ | ᠬᠠᠮᠢᠶᠠᠷᠤᠯᠲᠠ᠂ ᠨᠠᠰᠤᠵᠢᠯ ᠤᠨ ᠦᠢᠯᠡᠴᠢᠯᠡᠭᠡ᠂ ᠬᠤᠲᠠ ᠶᠢᠨ ᠪᠥᠲᠥᠭᠡᠨ ᠪᠠᠶᠢᠭᠤᠯᠤᠯᠲᠠ ᠵᠡᠷᠭᠡ ᠲᠠᠯ᠎ᠠ ᠶᠢᠨ | ᠲᠣᠪᠤᠶᠢᠮ᠎ᠠ ᠠᠰᠠᠭᠤᠳᠠᠯ ᠢ ᠵᠠᠰᠠᠬᠤ ᠶᠢ ᠭᠦᠨᠵᠡᠭᠡᠶᠢᠷᠡᠭᠦᠯᠦᠨ᠎ᠡ᠃ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠥᠪᠯᠡᠯ ᠤᠨ ᠪᠠᠶᠢᠭᠤᠯᠭ᠎ᠠ ᠶᠢᠨ ᠳᠣᠲᠣᠭᠠᠳᠤ ᠪᠠᠶᠢᠭᠤᠯᠤᠮᠵᠢ᠂ ᠲᠣᠮᠢᠯᠠᠨ ᠰᠠᠭᠤᠯᠭᠠᠭᠰᠠᠨ | ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠪᠠ ᠠᠵᠢᠯᠲᠠᠨ ᠤ ᠲᠣᠬᠢᠷᠠᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ | ᠠᠵᠢᠯᠲᠠᠨ ᠤ ᠬᠦᠴᠦᠨ ᠢ ᠬᠡᠷᠡᠭ ᠰᠢᠢᠳᠪᠦᠷᠢᠯᠡᠬᠦ ᠨᠢᠭᠡᠳᠦᠭᠡᠷ ᠹᠷᠣᠨᠲ ᠲᠡᠰᠢ ᠬᠡᠯᠪᠠᠶᠢᠯᠭᠡᠨ᠎ᠡ᠃ ᠣᠯᠠᠨ ᠲᠦᠮᠡᠨ ᠤ | ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢᠨ ᠲᠣᠭᠤᠷᠢᠨ ᠳᠤ᠂ | ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠲᠤᠰᠬᠠᠶ | ᠠᠵᠢᠯ ᠢᠶᠠᠨ ᠮᠡᠳᠡᠭᠦᠯᠦᠨ᠎ᠡ᠃ | ᠲᠠᠪᠤᠳᠤᠭᠠᠷ ᠲᠤ᠂ ᠤᠯᠤᠰ ᠲᠦᠷᠦ ᠶᠢᠨ ᠲᠤᠭᠤᠷᠢᠨ ᠪᠠᠶᠢᠴᠠᠭᠠᠯᠳᠠ ᠶᠢ ᠭᠦᠨᠵᠡᠭᠡᠶᠢᠷᠡᠭᠦᠯᠵᠦ᠂ ᠶᠡᠷᠦᠩᠬᠡᠶᠢᠯᠡᠨ | ᠬᠢᠨᠠᠯᠲᠠ ᠲᠠᠯᠪᠢᠬᠤ ᠦᠢᠯᠡᠳᠦᠯ ᠢ ᠤᠯᠠᠮ ᠨᠢᠭᠡ ᠠᠯᠬᠤᠮ ᠢᠯᠡᠷᠡᠭᠦᠯᠬᠦ ᠶᠢ ᠠᠬᠢᠭᠤᠯᠤᠨ᠎ᠠ᠃ ᠵᠢᠯ ᠤᠨ ᠳᠣᠲᠣᠷ᠎ᠠ | ᠠᠳᠠᠭ ᠲᠠᠭᠠᠨ 2 ᠡᠭᠡᠯᠵᠢ ᠶᠢᠨ ᠡᠩ ᠤᠨ ᠲᠣᠭᠤᠷᠢᠨ ᠪᠠᠶᠢᠴᠠᠭᠠᠯᠲᠠ ᠶᠢ ᠲᠣᠬᠢᠷᠠᠭᠤᠯᠤᠨ᠎ᠠ᠃ ᠡᠩ ᠤᠨ ᠵᠤᠷᠰᠢᠯ᠂ | ᠲᠤᠰᠬᠠᠶ ᠵᠦᠢᠯ᠂ ︽ᠡᠷᠬᠢᠨ ᠬᠠᠷᠠᠬᠤ︾ ᠵᠡᠷᠭᠡ ᠠᠷᠭ᠎ᠠ ᠮᠠᠶ᠋ᠢᠭ ᠢ ᠶᠡᠷᠦᠩᠬᠡᠶᠢᠯᠡᠨ ᠬᠡᠷᠡᠭᠯᠡᠵᠦ᠂ ᠲᠣᠰᠬᠤᠨ ︵ᠨᠡᠶᠢᠭᠡᠮ | ᠲᠣᠭᠤᠷᠢᠭ︶ ᠤ ᠲᠣᠭᠤᠷᠢᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠬᠤ ᠬᠡᠷᠡᠭᠲᠡᠶ᠃ ︽ᠰᠠᠬᠢᠯᠭ᠎ᠠ | ᠪᠠᠲᠤ ᠶᠢᠨ ᠲᠣᠭᠤᠷᠢᠨ ᠪᠠᠶᠢᠴᠠᠭᠠᠬᠤ︾ ᠠᠵᠢᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ | ︽ᠲᠣᠭᠤᠷᠢᠨ ᠪᠠᠶᠢᠴᠠᠭᠠᠬᠤ︾ ᠵᠠᠭᠪᠤᠷ ᠢ ᠬᠠᠶᠢᠨ ᠰᠦᠪᠡᠭᠴᠢᠯᠡᠨ᠎ᠡ᠃ ᠲᠣᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠬᠤᠳᠠᠯ ᠬᠠᠭᠤᠷᠮᠠᠭ ᠢᠶᠠᠷ ᠴᠡᠭᠴᠡᠯᠡᠨ | ᠰᠠᠶᠢᠵᠢᠷᠠᠭᠤᠯᠤᠭᠰᠠᠨ᠂ ᠣᠯᠠᠨᠲᠠ ᠥᠭᠡᠷᠡᠴᠢᠯᠡᠭᠡᠳ ᠣᠯᠠᠨᠲᠠ ᠵᠦᠷᠢᠴᠡᠭᠰᠡᠨ ᠵᠡᠷᠭᠡ ᠠᠰᠠᠭᠤᠳᠠᠯ ᠠᠴᠠ ᠴᠢᠩᠭ᠎ᠠ | ᠬᠠᠷᠢᠭᠤᠴᠠᠯᠭ᠎ᠠ ᠨᠡᠬᠡᠮᠵᠢᠯᠡᠵᠦ᠂ ᠬᠠᠷᠢᠭᠤᠴᠠᠯᠭ᠎ᠠ ᠶᠢᠨ ᠪᠢᠲᠡᠭᠦᠦ ᠴᠠᠭᠠᠷᠢᠭ ᠢ ᠪᠦᠷᠢᠯᠳᠦᠭᠦᠯᠬᠦ ᠶᠢ ᠠᠬᠢᠭᠤᠯᠤᠨ᠎ᠠ᠃ | ᠵᠢᠷᠭᠤᠳᠤᠭᠠᠷ ᠲᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠭᠦᠨᠵᠡᠭᠡᠶᠢᠷᠡᠭᠦᠯᠵᠦ᠂ ᠪᠦᠬᠦ ᠲᠠᠯ᠎ᠠ ᠪᠠᠷ | ᠨᠠᠮ ᠢ ᠴᠢᠩᠭ᠎ᠠ ᠵᠠᠰᠠᠬᠤ ᠪᠦᠬᠦᠯᠢ ᠴᠣᠭᠴᠠ ᠶᠢᠨ ᠬᠠᠮᠲᠤᠷᠠᠯ ᠤᠨ ᠬᠦᠴᠦᠨ ᠢ ᠴᠢᠩᠭᠠᠳᠬᠠᠬᠤ ᠶᠢ ᠠᠬᠢᠭᠤᠯᠬᠤ | ᠬᠡᠷᠡᠭᠲᠡᠢ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠭᠤᠣᠯ ᠴᠣᠭᠴᠠ ᠶᠢᠨ ᠬᠠᠷᠢᠭᠤᠴᠠᠯᠭ᠎ᠠ᠂ | ᠡᠭᠦᠷᠭᠡ ᠴᠢᠳᠠᠪᠬᠢᠳᠦ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠪᠣᠳᠠᠲᠠᠢ | ᠨᠠᠶᠢᠳᠠᠪᠤᠷᠢᠵᠢᠭᠤᠯᠵᠤ᠂ ᠲᠤᠬᠠᠶᠢᠯᠠᠭᠰᠠᠨ ᠠᠵᠢᠯ ᠢ ᠠᠳᠬᠤᠬᠤ ᠠᠴᠠ ᠪᠢᠰᠢ ᠰᠠᠬᠢᠯᠭ᠎ᠠ ᠪᠠᠲᠤ ᠶᠢ ᠠᠳᠬᠤᠬᠤ ᠦᠭᠡᠢ᠂ | ᠬᠥᠭᠵᠢᠯᠲᠡ ᠶᠢ ᠬᠠᠮᠢᠶᠠᠷᠬᠤ ᠠᠴᠠ ᠪᠢᠰᠢ ᠢᠯᠵᠠᠷᠡᠯ ᠢ ᠵᠠᠰᠠᠬᠤ ᠦᠭᠡᠢ ᠪᠠᠶᠢᠬᠤ ᠵᠡᠷᠭᠡ ᠠᠰᠠᠭᠤᠳᠠᠯ ᠢ ᠰᠢᠢᠳᠪᠦᠷᠢᠯᠡᠬᠦ | ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠵᠤ ᠬᠠᠷᠢᠭᠤ | ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ | ᠰᠠᠬᠢᠯᠭ᠎ᠠ ᠪᠠᠲᠤ ᠶᠢ ᠵᠥᠷᠢᠴᠡᠭᠰᠡᠨ᠂ ᠰᠢᠢᠳᠪᠦᠷᠢᠯᠡᠵᠦ᠂ ᠮᠡᠳᠡᠭᠳᠡᠵᠦ᠂ ᠬᠠᠷᠢᠭᠤᠴᠠᠯᠭ᠎ᠠ ᠪᠠ ᠠᠷᠭ᠎ᠠ ᠬᠡᠮᠵᠢᠶ᠎ᠡ ᠶᠢ | ᠰᠠᠶᠢᠲᠤᠷ ᠨᠠᠶᠢᠳᠠᠪᠤᠷᠢᠵᠢᠭᠤᠯᠤᠭᠰᠠᠨ ᠦᠭᠡᠢ ᠵᠡᠷᠭᠡ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ᠂ | ᠰᠢᠢᠳᠪᠦᠷᠢᠯᠡᠵᠦ᠂ ᠵᠠᠷᠯᠠᠨ ᠮᠡᠳᠡᠭᠳᠡᠵᠦ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠪᠦᠬᠦ ᠲᠠᠯ᠎ᠠ ᠪᠠᠷ | ᠪᠣᠳᠠᠲᠠᠶᠢᠵᠢᠭᠤᠯᠬᠤ ᠬᠡᠷᠡᠭᠲᠡᠢ᠃ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠳᠤᠭᠤᠶᠢᠯᠠᠩ ᠪᠣᠯᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠲᠤᠭᠤᠷᠢᠭ ᠤᠨ ᠬᠠᠷᠢᠶ᠎ᠠ ᠤᠯᠤᠰ ᠤᠨ ᠠᠵᠤ | ᠠᠬᠤᠶᠢᠯᠠᠯ ᠤᠨ ᠰᠠᠬᠢᠯᠭ᠎ᠠ ᠪᠠᠲᠤ ︵ᠠᠵᠤ ᠦᠢᠯᠡᠳᠪᠦᠷᠢ︶ ᠶᠢᠨ ᠵᠥᠪᠯᠡᠯ ᠵᠡᠷᠭᠡ ᠶᠢᠨ ᠬᠠᠮᠵᠢᠯᠴᠠᠨ ᠬᠠᠮᠲᠤᠷᠠᠯᠴᠠᠬᠤ ᠶᠢ | ᠴᠢᠩᠭᠠᠳᠬᠠᠵᠤ᠂ ᠲᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠠᠵᠢᠯ ᠢᠶᠠᠨ ᠴᠢᠩᠭ᠎ᠠ | ᠥᠷᠨᠢᠭᠦᠯᠦᠨ᠎ᠡ᠃ | ᠳᠣᠯᠣᠳᠤᠭᠠᠷ ᠲᠤ᠂ ᠲᠡᠮᠦᠷ ᠵᠠᠮ ᠤᠨ ᠴᠡᠷᠢᠭ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ︽ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠳᠦᠷᠢᠮᠵᠢᠭᠦᠯᠦᠨ ᠬᠠᠤᠯᠢ ᠪᠠᠷ ᠵᠠᠰᠠᠬᠤ ᠳᠦᠷᠢᠮᠵᠢᠭᠦᠯᠬᠦ | ᠪᠠᠶᠢᠭᠤᠯᠤᠯᠲᠠ ᠶᠢᠨ ᠣᠨ︾ ᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠦᠨ᠎ᠡ᠃ ᠬᠡᠷᠡᠭ ᠤᠨ ᠶᠠᠰᠤ ᠴᠢᠨᠠᠷ ᠪᠠ | ᠬᠡᠷᠡᠭ ᠰᠢᠢᠳᠪᠦᠷᠢᠯᠡᠬᠦ ᠠᠮᠤᠷ ᠲᠦᠪᠰᠢᠨ ᠤ ︽ᠬᠤᠶᠠᠷ ᠢ ᠦᠨᠡᠯᠡᠵᠦ ᠨᠢᠭᠡ ᠶᠢ ᠠᠬᠢᠭᠤᠯᠬᠤ︾ ᠠᠵᠢᠯ ᠢ | ᠪᠠᠶᠢᠩᠭᠤᠵᠢᠭᠤᠯᠤᠨ ᠥᠷᠨᠢᠭᠦᠯᠵᠦ᠂ ᠲᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠶᠣᠰᠣᠭᠠᠷ ᠠᠮᠤᠷ ᠲᠦᠪᠰᠢᠨ | ᠪᠣᠯᠪᠠᠰᠤᠨ ᠢᠶᠠᠷ ᠡᠭᠦᠷᠭᠡ ᠲᠤᠰᠢᠶᠠᠯ ᠢᠶᠠᠨ ᠭᠦᠢᠴᠡᠳᠭᠡᠬᠦ ᠴᠢᠳᠠᠪᠤᠷᠢ ᠶᠢ ᠳᠡᠭᠡᠭᠰᠢᠯᠡᠭᠦᠯᠦᠨ᠂ ᠲᠣᠰ ᠪᠡᠶ᠎ᠡ ᠶᠢᠨ | ᠪᠠᠶᠢᠭᠤᠯᠤᠯᠲᠠ ᠪᠠᠨ ᠲᠠᠰᠤᠷᠠᠯᠲᠠ ᠥᠬᠡᠶ ᠴᠢᠩᠭᠠᠳᠬᠠᠨ᠎ᠠ᠃ ᠣᠨᠴᠠ ᠤᠷᠢᠭᠰᠠᠨ ᠬᠢᠨᠠᠨ ᠪᠠᠶᠢᠴᠠᠭᠠᠭᠴᠢ ᠶᠢᠨ | ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠳᠡᠮᠵᠢᠵᠦ᠂ ᠡᠯ᠎ᠡ ᠲᠠᠯ᠎ᠠ ᠶᠢᠨ ᠬᠢᠨ ᠤ ᠬᠢᠨᠠᠯᠲᠠ | ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠨ᠎ᠡ᠃ | ᠪᠦᠬᠦᠳᠡ ᠬᠤᠷᠠᠯ ᠠᠴᠠ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ | ᠡᠷᠡᠯᠬᠡᠭᠯᠡᠨ ᠲᠡᠮᠡᠴᠡᠵᠦ᠂ ᠴᠤᠴᠠᠯᠲᠠ ᠦᠭᠡᠢ ᠤᠷᠤᠭᠰᠢᠯᠠᠵᠤ᠂ ᠡᠭᠦᠷᠢᠳᠡ ᠴᠠᠯᠠᠭᠠᠶᠢᠷᠠᠬᠤ ᠦᠭᠡᠢ ᠤᠶᠤᠨ ᠰᠠᠨᠠᠭᠠᠨ ᠤ | ᠳᠦᠷᠰᠦ ᠪᠠᠶᠢᠳᠠᠯ ᠢᠶᠠᠷ ᠰᠢᠨ᠎ᠡ ᠴᠠᠭ ᠦᠶ᠎ᠡ ᠰᠢᠨ᠎ᠡ ᠠᠶᠠᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠭᠰᠠᠨ ᠤᠳᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠪᠠᠲᠤ ᠴᠢᠩᠭ᠎ᠠ ᠪᠠᠲᠤᠯᠠᠭ᠎ᠠ | ᠬᠠᠩᠭᠠᠬᠤ ᠬᠡᠷᠡᠭᠲᠡᠢ ᠭᠡᠵᠦ ᠤᠷᠢᠶᠠᠯᠠᠪᠠ᠃ | |