ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠶᠢᠰᠦᠳᠦᠭᠡᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠬᠤᠷᠠᠯᠳᠤᠪᠠ ᠶᠠᠨ ᠸᠧᠨ ᠯᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2025/2/11
      2 ᠰᠠᠷ᠎ᠠ ᠶᠢᠨ 7 ᠤ ᠦᠳᠡ ᠶᠢᠨ ᠡᠮᠦᠨ᠎ᠡ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠶᠢᠰᠦᠳᠦᠭᠡᠷ ᠬᠤᠭᠤᠴᠠᠭᠠᠨ ᠤ ᠲᠠᠪᠤᠳᠤᠭᠠᠷ ᠪᠦᠬᠦᠳᠡ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠯᠢᠦ ᠬᠤ᠋᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠬᠤᠤ ᠯᠢ ᠫᠢᠩ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠭᠤᠤ ᠲᠢᠶᠧ ᠨᠠᠨ᠂ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠨᠥᠬᠦᠳ ᠬᠤᠷᠠᠯ ᠳᠤ ᠣᠷᠣᠯᠴᠠᠪᠠ᠃ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢ ᠴᠦᠨ ᠶᠠᠨ ᠬᠤᠷᠠᠯ ᠢ ᠡᠷᠭᠢᠯᠡᠪᠡ᠃      ᠶᠠᠨ ᠸᠧᠨ ᠯᠦᠩ ᠬᠡᠯᠡᠬᠦ ᠳᠡᠭᠡᠨ᠂ ᠥᠩᠭᠡᠷᠡᠭᠰᠡᠨ ᠨᠢᠭᠡ ᠵᠢᠯ ᠳᠤ᠂ ᠲᠣᠭᠤᠷᠢᠭ ᠤᠨ ᠨᠠᠮ ᠤᠨ ᠬᠤᠷᠢᠶ᠎ᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠣᠨ ᠤ ᠭᠤᠣᠯᠳᠠᠯᠭ᠎ᠠ ᠲᠠᠢ ᠡᠭᠦᠷᠭᠡ ᠶᠢ ᠨᠠᠷᠢᠯᠢᠬᠵᠢᠭᠤᠯᠵᠤ᠂ ᠤᠯᠤᠰ ᠲᠦᠷᠦ ᠶᠢᠨ ᠬᠢᠨᠠᠯᠲᠠ ᠶᠢ ᠪᠣᠳᠠᠲᠠᠢ ᠨᠠᠷᠢᠯᠢᠭ ᠬᠢᠵᠦ᠂ ᠢᠯᠵᠢᠷᠡᠯ ᠢ ᠵᠠᠯᠬᠠᠭᠠᠨ ᠰᠢᠳᠬᠡᠬᠦ ᠰᠦᠷ ᠬᠦᠴᠦᠲᠦ ᠪᠠᠶᠢᠳᠠᠯ ᠢ ᠢᠮᠠᠭᠲᠠ ᠪᠠᠲᠤᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠴᠡᠪᠡᠷᠰᠢᠭᠦᠯᠪᠡ᠃ ᠰᠢᠨ᠎ᠡ ᠨᠢᠭᠡ ᠵᠢᠯ ᠳᠤ᠂ ᠣᠳᠣᠬᠠᠨ ᠤ ᠢᠯᠵᠠᠷᠠᠯ ᠢ ᠡᠰᠡᠷᠭᠦᠴᠡᠬᠦ ᠲᠡᠮᠡᠴᠡᠯ ᠳᠤ ᠲᠤᠯᠭᠠᠷᠠᠵᠤ ᠪᠠᠶᠢᠭ᠎ᠠ ᠬᠦᠨᠳᠦ ᠬᠡᠴᠡᠭᠦᠦ ᠪᠠᠶᠢᠳᠠᠯ ᠢ ᠭᠦᠨᠵᠡᠭᠡᠶ ᠲᠠᠨᠢᠵᠤ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢ ᠡᠷᠡᠰ ᠭᠤᠶᠢᠪᠢᠰᠢ ᠥᠬᠡᠶ ᠭᠦᠨᠵᠡᠭᠡᠶᠢᠷᠡᠭᠦᠯᠦᠨ ᠠᠬᠢᠭᠤᠯᠵᠤ᠂ ᠡᠬᠢ ᠪᠠᠶᠠᠯᠢᠭ ᠤᠨ ᠬᠡᠯᠪᠡᠷᠢ ᠶᠢᠨ ᠬᠤᠲᠠ ᠶᠢᠨ ᠬᠡᠯᠪᠡᠷᠢ ᠪᠠᠨ ᠬᠤᠪᠢᠷᠠᠭᠤᠯᠬᠤ ᠲᠠᠯ᠎ᠠ ᠪᠠᠷ ᠰᠢᠪᠲᠤᠯᠤᠯᠲᠠ ᠭᠠᠷᠭᠠᠵᠤ᠂ ᠵᠢᠱᠢᠶ᠎ᠡ ᠦᠵᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠳᠠ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠢᠯᠵᠠᠷᠠᠯ ᠢ ᠡᠰᠡᠷᠭᠦᠴᠡᠬᠦ ᠲᠡᠮᠡᠴᠡᠯ ᠤᠨ ᠡᠷᠡᠰ ᠵᠣᠷᠢᠭ ᠪᠠ ᠢᠲᠡᠭᠡᠯ ᠵᠣᠷᠢᠭ ᠢᠶᠠᠨ ᠪᠠᠲᠤᠳᠬᠠᠬᠤ ᠬᠡᠷᠡᠭᠲᠡᠶ᠃ ᠤᠯᠤᠰ ᠲᠦᠷᠦ ᠶᠢᠨ ᠬᠢᠨᠠᠯᠲᠠ ᠶᠢ ᠡᠷᠡᠰ ᠭᠤᠶᠢᠪᠢᠰᠢ ᠦᠭᠡᠢ ᠴᠢᠩᠭᠠᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠢᠯᠵᠠᠷᠠᠯ ᠡᠭᠦᠰᠦᠭᠰᠡᠨ ᠬᠥᠷᠥᠰᠥ ᠰᠢᠷᠣᠢ ᠪᠠ ᠨᠥᠬᠦᠴᠡᠯ ᠢ ᠶᠡᠭᠡ ᠬᠦᠴᠦ ᠣᠷᠣᠭᠤᠯᠤᠨ ᠠᠷᠢᠯᠭᠠᠵᠤ᠂ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠴᠡᠪᠡᠷᠰᠢᠭᠦᠯᠬᠦ ᠬᠡᠷᠡᠭᠲᠡᠢ᠃ ᠦᠨᠳᠦᠰᠦ ᠠᠴᠠ ᠨᠢ ᠴᠡᠭᠴᠡᠯᠡᠨ ᠵᠠᠰᠠᠬᠤ᠂ ᠦᠨᠳᠦᠰᠦ ᠠᠴᠠ ᠨᠢ ᠪᠠᠬᠢᠵᠢᠭᠦᠯᠬᠦ᠂ ᠰᠢᠨ᠎ᠡ ᠴᠠᠭ ᠦᠶ᠎ᠡ ᠶᠢᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠲᠤ ᠴᠢᠩᠭ᠎ᠠ ᠠᠵᠢᠯ ᠤᠨ ᠬᠠᠮᠲᠤᠷᠠᠯ ᠤᠨ ᠬᠦᠴᠦᠨ ᠢ ᠨᠢᠭᠲᠠᠷᠠᠭᠤᠯᠬᠤ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ︽ᠰᠠᠬᠢᠯᠭ᠎ᠠ ᠪᠠᠲᠤ ᠴᠡᠷᠢᠭ ᠠᠩᠭᠢ︾ ᠶᠢ ᠳᠠᠪᠲᠠᠨ ᠪᠣᠯᠪᠠᠰᠤᠷᠠᠭᠤᠯᠬᠤ ᠬᠡᠷᠡᠭᠲᠡᠢ ᠭᠡᠵᠠᠢ᠃      ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠤᠳᠠ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠦᠬᠦᠳᠡ ᠬᠤᠷᠠᠯ 2 ᠰᠠᠷ᠎ᠠ ᠶᠢᠨ 7 ᠤ ᠡᠳᠦᠷ ᠬᠤᠷᠠᠯᠳᠤᠪᠠ᠃ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠢ ᠡᠷᠭᠢᠯᠡᠵᠦ᠂ ᠯᠢ ᠴᠦᠨ ᠶᠠᠨ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ︽ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠡᠷᠡᠰ ᠭᠤᠶᠢᠪᠢᠰᠢ ᠥᠬᠡᠶ ᠭᠦᠨᠵᠡᠭᠡᠶ ᠠᠬᠢᠭᠤᠯᠵᠤ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠰᠢᠨ᠎ᠡ ᠦᠷ᠎ᠡ ᠪᠦᠲᠦᠮᠵᠢ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠳᠠ ᠶᠢᠨ ᠰᠢᠨ᠎ᠡ ᠬᠠᠭᠤᠳᠠᠰᠤ ᠶᠢ ᠴᠢᠷᠮᠠᠶᠢᠨ  ᠪᠢᠴᠢᠭᠯᠡᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠶ᠎ᠠ︾ ᠭᠡᠬᠦ ᠰᠡᠳᠦᠪ ᠢᠶᠠᠷ ᠠᠵᠢᠯ ᠤᠨ ᠮᠡᠳᠡᠭᠦᠯᠦᠯᠲᠡ ᠬᠢᠪᠠ᠃   
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号