ᠤᠳᠠ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 150 ᠳ᠋ᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/2/11
      2 ᠰᠠᠷ᠎ᠠ ᠶᠢᠨ 5 ᠤ ᠡᠳᠦᠷ᠂ ᠤᠳᠠ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 150 ᠳ᠋ᠤᠭᠠᠷ ᠬᠤᠷᠠᠯ ᠬᠤᠷᠠᠯᠳᠤᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠪᠣᠯᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠵᠡᠷᠭᠡ ᠶᠢ ᠤᠯᠠᠮᠵᠢᠯᠠᠨ ᠰᠤᠷᠤᠯᠴᠠᠵᠤ᠂ ᠮᠠᠨ ᠤ ᠲᠤᠭᠤᠷᠢᠭ ᠤᠨ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ ᠬᠤᠷᠠᠯ ᠢ ᠡᠷᠭᠢᠯᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠲᠣᠭᠤᠷᠢᠭ ᠤᠨ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ ᠂ ᠠᠵᠤ ᠦᠢᠯᠡᠳᠪᠦᠷᠢ ᠶᠢᠨ ᠴᠢᠨᠠᠷ ᠰᠠᠶᠢᠲᠠᠢ ᠬᠥᠭᠵᠢᠯᠲᠡ ᠪᠠᠷ ᠭᠤᠣᠯ ᠰᠢᠪᠲᠤᠯᠤᠯᠲᠠ ᠶᠢᠨ ᠴᠢᠭᠯᠡᠯ ᠪᠣᠯᠭᠠᠵᠤ᠂ ᠴᠠᠭ ᠪᠢᠳᠡᠨ ᠢ ᠬᠦᠯᠢᠶᠡᠬᠦ ᠦᠭᠡᠢ ᠲᠤᠯᠭᠠᠮ᠎ᠠ ᠰᠡᠳᠬᠢᠯᠭᠡ ᠪᠠᠷ ᠬᠥᠭᠵᠢᠯᠲᠡ ᠶᠢ ᠡᠷᠢᠯᠬᠢᠯᠡᠵᠦ᠂ ᠬᠦᠨᠳᠦ ᠡᠭᠦᠷᠭᠡ ᠶᠢ ᠡᠭᠦᠷᠭᠡᠯᠡᠬᠦ ᠡᠭᠦᠷᠭᠡᠲᠦ ᠰᠡᠳᠬᠢᠯᠭᠡ ᠪᠠᠷ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠥᠷᠯᠥᠭᠡ ᠦᠳᠡᠰᠢ ᠶᠢ ᠲᠡᠮᠡᠴᠡᠬᠦ ᠬᠠᠷᠢᠭᠤᠴᠠᠯᠭᠠᠲᠤ ᠰᠡᠳᠬᠢᠯᠭᠡ ᠪᠠᠷ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ ᠪᠠᠶᠢᠳᠠᠯ ᠢ ᠲᠠᠭᠠᠨ ᠠᠵᠢᠯᠯᠠᠵᠤ᠂ ᠡᠬᠢᠯᠡᠯᠲᠡ ᠶᠢᠨ ᠬᠤᠷᠳᠤᠴᠠ ᠪᠠᠷ ᠪᠦᠬᠦ ᠵᠢᠯ ᠤᠨ ᠬᠥᠭᠵᠢᠯᠲᠡ ᠶᠢᠨ ᠰᠢᠨ᠎ᠡ ᠬᠤᠷᠳᠤᠴᠠ ᠶᠢ ᠬᠥᠭᠡᠭᠡᠴᠡᠯᠳᠦᠵᠦ᠂ ᠦᠬᠠᠢ ᠬᠤᠳᠠ ᠶᠢᠨ ᠡᠬᠢ ᠪᠠᠶᠠᠯᠢᠭ ᠤᠨ ᠬᠡᠯᠪᠡᠷᠢ ᠶᠢᠨ ᠬᠤᠳᠠ ᠶᠢᠨ ᠬᠡᠯᠪᠡᠷᠢ ᠪᠠᠨ ᠬᠤᠪᠢᠷᠠᠭᠤᠯᠬᠤ ᠲᠠᠯ᠎ᠠ ᠪᠠᠷ ᠰᠢᠪᠲᠤᠯᠤᠯᠲᠠ ᠭᠠᠷᠭᠠᠵᠤ᠂ ᠵᠢᠱᠢᠶ᠎ᠡ ᠦᠵᠡᠭᠦᠯᠵᠦ ᠤᠳᠠ ᠲᠤᠭᠤᠷᠢᠭ ᠤᠨ ᠨᠡᠩ ᠤᠯᠠᠨ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠬᠤ ᠬᠡᠷᠡᠭᠲᠡᠢ ᠭᠡᠵᠠᠢ᠃      ᠬᠤᠷᠠᠯ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠰᠢᠢᠳᠪᠦᠷᠢᠯᠡᠭᠰᠡᠨ ᠪᠠᠶᠢᠳᠠᠯ ᠢ ᠰᠣᠨᠣᠰᠴᠤ᠂ ᠲᠥᠯᠥᠭᠡᠯᠡᠭᠴᠢ ᠭᠡᠰᠢᠭᠦᠳ ᠤᠨ ᠬᠠᠷᠢᠯᠴᠠᠬᠤ᠂ ᠦᠢᠯᠡᠴᠢᠯᠡᠬᠦ᠂ ᠬᠠᠮᠢᠶᠠᠷᠬᠤ ᠡᠯ᠎ᠡ ᠵᠦᠢᠯ ᠤᠨ ᠠᠵᠢᠯ ᠢ ᠪᠣᠳᠠᠲᠠᠢ ᠨᠠᠷᠢᠯᠢᠭ ᠬᠢᠵᠦ᠂ ᠲᠥᠯᠥᠭᠡᠯᠡᠭᠴᠢ ᠭᠡᠰᠢᠭᠦᠳ ᠢ ᠬᠢᠨᠠᠨ ᠰᠢᠯᠭᠠᠵᠤ ᠦᠨᠡᠯᠡᠬᠦ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠬᠠᠷᠢᠭᠤᠯᠲᠠ ᠥᠭᠬᠦ ᠶᠠᠰᠤ ᠴᠢᠨᠠᠷ ᠢ ᠰᠢᠢᠳᠪᠦᠷᠢᠯᠡᠬᠦ ᠠᠵᠢᠯ ᠤᠨ ᠴᠢᠬᠤᠯᠠ ᠭᠤᠭᠴᠤᠭ᠎ᠠ ᠪᠣᠯᠭᠠᠨ ᠠᠳᠬᠤᠵᠤ᠂ ᠶᠠᠪᠤᠳᠠᠯ ᠪᠦᠬᠦᠨ ᠳᠤ ᠬᠠᠷᠢᠭᠤᠯᠲᠠ ᠥᠭᠴᠦ᠂ ᠶᠠᠪᠤᠳᠠᠯ ᠪᠦᠬᠦᠨ ᠳᠤ ᠬᠠᠷᠢᠭᠤᠯᠲᠠ ᠥᠭᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠦᠬᠦᠳᠡ ᠬᠤᠷᠠᠯ᠂ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠲᠠᠪᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠶᠢᠰᠦᠳᠦᠭᠡᠷ ᠬᠤᠭᠤᠴᠠᠭᠠᠨ ᠤ ᠲᠠᠪᠤᠳᠤᠭᠠᠷ ᠪᠦᠬᠦᠳᠡ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号