ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ 2025 ᠣᠨ ᠤ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/12
      2 ᠰᠠᠷ᠎ᠠ ᠶᠢᠨ 11 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠯᠢᠦ ᠬᠤ᠋ ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2025 ᠣᠨ ᠤ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠯᠢᠶᠣᠤᠨᠢᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠠ ᠭᠢᠷᠢᠨ ᠮᠤᠵᠢ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠰᠡᠳᠬᠢᠯ ᠰᠠᠨᠠᠭ᠎ᠠ ᠪᠠᠨ ᠲᠦᠷᠭᠡᠨ ᠬᠤᠷᠢᠶᠠᠵᠤ᠂ ᠠᠵᠤ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠭᠤᠣᠯ ᠠᠵᠢᠯ ᠪᠣᠯᠤᠨ ᠴᠢᠨᠠᠷ ᠰᠠᠶᠢᠲᠠᠢ ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ︽ᠠᠮᠢ ᠲᠡᠮᠡᠴᠡᠬᠦ︾ ᠡᠷᠴᠢ ᠵᠣᠷᠢᠭ ᠢᠶᠠᠨ ᠪᠠᠲᠤᠯᠠᠵᠤ᠂ ᠠᠵᠢᠯ ᠶᠠᠪᠤᠳᠠᠯ ᠢ ᠰᠦᠪᠡᠭᠴᠢᠯᠡᠬᠦ ᠳᠤ ᠠᠷᠭ᠎ᠠ ᠲᠠᠢ᠂ ᠨᠠᠶᠢᠳᠠᠪᠤᠷᠢᠵᠢᠭᠤᠯᠤᠯᠲᠠ ᠶᠢ ᠬᠦᠴᠦᠲᠡᠢ ᠬᠢᠵᠦ᠂ ᠡᠬᠢᠯᠡᠯᠲᠡ ᠶᠢᠨ ᠦᠶ᠎ᠡ ᠳᠤ ᠰᠢᠪᠲᠤᠯᠤᠯᠲᠠ ᠬᠢᠬᠦ᠂ ᠡᠬᠢᠯᠡᠯᠲᠡ ᠶᠢᠨ ᠦᠶ᠎ᠡ ᠳᠤ ᠰᠢᠢᠳᠪᠦᠷᠢᠲᠦ ᠳᠠᠶᠢᠯᠠᠯᠳᠤᠭᠠᠨ ᠬᠢᠬᠦ ᠪᠠᠶᠢᠳᠠᠯ ᠢᠶᠠᠷ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠤᠪᠤᠶᠢᠯᠭᠠᠵᠤ᠂ ᠰᠠᠨᠠᠭᠠᠴᠢᠯᠠᠭ᠎ᠠ ᠠᠴᠠ ᠪᠠᠨ ᠰᠠᠨᠠᠭᠠᠴᠢᠯᠠᠭ᠎ᠠ ᠠᠴᠠ ᠪᠠᠨ ᠬᠦᠴᠦᠯᠡᠵᠦ᠂ ᠳᠤᠲᠠᠭᠤᠳᠠᠯ ᠢᠶᠠᠨ ᠴᠢᠨᠠᠭᠰᠢᠳᠠ ᠨᠥᠬᠦᠪᠥᠷᠢᠯᠡᠵᠦ᠂ ᠪᠣᠳᠠᠲᠠᠢ ᠠᠵᠢᠯᠯᠠᠬᠤ ᠳᠤ ᠲᠦᠰᠢᠭᠯᠡᠨ ᠠᠰᠠᠭᠤᠳᠠᠯ ᠢ ᠨᠢᠭᠡᠳ ᠨᠢᠭᠡ ᠪᠠᠷ ᠰᠢᠢᠳᠪᠦᠷᠢᠯᠡᠵᠦ᠂ ᠡᠭᠦᠷᠭᠡ ᠶᠢ ᠨᠢᠭᠡᠳ ᠨᠢᠭᠡ ᠪᠠᠷ ᠪᠡᠶᠡᠯᠡᠭᠦᠯᠬᠦ ᠶᠢ ᠠᠬᠢᠭᠤᠯᠵᠤ᠂ ᠨᠢᠭᠡᠳᠦᠭᠡᠷ ᠤᠯᠠᠷᠢᠯ ᠳᠤ ︽ᠲᠣᠭᠲᠠᠭᠤᠨ ᠡᠬᠢᠯᠡᠯᠲᠡ ᠲᠠᠢ︾ ︽ᠰᠠᠶᠢᠨ ᠡᠬᠢᠯᠡᠯᠲᠡ︾ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠢ ᠭᠡᠵᠠᠢ᠃      ᠬᠤᠷᠠᠯ ᠠᠴᠠ ᠪᠥᠬᠦ ᠲᠤᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠪᠣᠯ ᠡᠭᠦᠳᠡᠨ ᠳᠤ ᠨᠢ ᠬᠦᠷᠭᠡᠬᠦ ᠣᠯᠠᠨ ᠲᠦᠮᠡᠨ ᠤ ᠠᠵᠢᠯ ᠮᠥᠨ᠂ ︽ᠭᠤᠷᠪᠠ ᠶᠢ ᠪᠣᠳᠠᠲᠠᠶᠢᠵᠢᠭᠤᠯᠵᠤ ᠨᠢᠭᠡ ᠶᠢ ᠰᠢᠢᠳᠪᠦᠷᠢᠯᠡᠬᠦ︾ ᠠᠵᠢᠯ ᠤᠨ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ︽ᠰᠠᠭᠤᠵᠤ ᠬᠦᠯᠢᠶᠡᠬᠦ︾ ᠦᠵᠡᠯ ᠰᠠᠨᠠᠭ᠎ᠠ ᠪᠠ ᠠᠰᠠᠭᠤᠳᠠᠯ ᠢ ᠰᠢᠢᠳᠪᠦᠷᠢᠯᠡᠬᠦ ᠦᠭᠡᠢ ᠪᠠᠶᠢᠬᠤ ᠶᠢ ᠲᠠᠶᠠᠭᠳᠠᠵᠤ᠂ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠬᠦ ᠪᠠ ᠬᠦᠴᠦᠨ ᠢ ᠨᠢᠭᠡᠳᠦᠯᠲᠡᠶ ᠲᠥᠯᠥᠪᠯᠡᠬᠦ ᠶᠢ ᠴᠢᠩᠭᠠᠳᠬᠠᠨ᠂ ᠡᠬᠢ ᠡᠭᠦᠰᠦᠯ ᠠᠴᠠ ᠨᠢ ᠰᠡᠷᠭᠡᠶᠢᠯᠡᠬᠦ ᠶᠢ ᠴᠢᠬᠤᠯᠠᠴᠢᠯᠠᠵᠤ᠂ ᠬᠠᠳᠠᠭᠠᠯᠠᠯᠲᠠ ᠶᠢᠨ ᠬᠡᠮᠵᠢᠶ᠎ᠡ ᠶᠢ ᠰᠢᠢᠳᠪᠦᠷᠢᠯᠡᠬᠦ ᠳᠡᠭᠡᠷ᠎ᠡ ᠦᠨᠡᠨ ᠬᠦ ᠬᠦᠴᠦ ᠣᠷᠣᠭᠤᠯᠤᠨ ᠦᠷᠭᠦᠯᠵᠢᠯᠡᠨ ᠪᠣᠭᠤᠮᠲᠠ ᠰᠢᠪᠲᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠰᠢᠢᠳᠪᠦᠷᠢᠯᠡᠬᠦ ᠶᠠᠰᠤ ᠴᠢᠨᠠᠷ ᠦᠷ᠎ᠡ ᠠᠰᠢᠭ ᠤᠨ ᠨᠡᠮᠡᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠣᠯᠠᠨ ᠲᠦᠮᠡᠨ ᠤ ᠬᠠᠤᠯᠢ ᠶᠣᠰᠣᠨ ᠤ ᠡᠷᠬᠡ‌ᠠᠰᠢᠭ ᠪᠠ ᠨᠡᠶᠢᠭᠡᠮ ‍ᠤᠨ‌ᠡᠶ᠎ᠡ‌ᠵᠣᠬᠢᠴᠠᠩᠭᠤᠶ ᠲᠣᠭᠲᠠᠭᠤᠨ ᠢ ᠨᠠᠩ ᠰᠠᠶᠢᠲᠤᠷ ᠬᠠᠮᠠᠭᠠᠯᠠᠬᠤ ᠬᠡᠷᠡᠭᠲᠡᠶ ᠭᠡᠵᠦ ᠴᠢᠬᠤᠯᠠᠴᠢᠯᠠᠪᠠ᠃       ᠬᠤᠷᠠᠯ ᠠᠴᠠ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠢᠶᠠᠨ ᠭᠠᠵᠠᠷ ᠤᠨ ᠤᠯᠠᠭᠠᠨ ᠱᠤᠭᠤᠮ ᠢ ᠪᠠᠲᠤ ᠰᠠᠬᠢᠵᠤ᠂ ᠬᠠᠷᠢᠶ᠎ᠠ ᠭᠠᠵᠠᠷ ᠪᠠ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠳᠡᠭᠡᠳᠦ ᠲᠤᠤᠷᠠᠳᠤ ᠱᠠᠳᠤ ᠪᠠᠷ ᠢᠶᠠᠨ ᠬᠤᠯᠪᠣᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ᠡᠬᠢ ᠡᠭᠦᠰᠦᠯ ᠤᠨ ᠪᠣᠭᠤᠮᠲᠠ ᠶᠢ ᠰᠠᠶᠢᠲᠤᠷ ᠠᠳᠬᠤᠵᠤ᠂ ᠲᠠᠷᠢᠶᠠᠨ ᠭᠠᠵᠠᠷ ᠢ ᠠᠲᠠᠷᠰᠢᠭᠤᠯᠬᠤ ᠪᠠ ᠭᠤᠣᠯ ᠤᠨ ᠵᠠᠮ ᠢ ᠳᠤᠷ᠎ᠠ ᠪᠠᠷ ᠢᠶᠠᠨ ᠬᠠᠭᠠᠯᠪᠤᠷᠢᠯᠠᠵᠤ ᠳᠤᠷ᠎ᠠ ᠪᠠᠷ ᠢᠶᠠᠨ ᠲᠠᠷᠢᠬᠤ ᠵᠡᠷᠭᠡ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠢ᠃ ᠤᠰᠤ ᠠᠷᠪᠢᠯᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠵᠤ᠂ ᠲᠠᠷᠢᠶᠠᠯᠠᠩ ᠤᠨ ᠤᠰᠤ ᠠᠷᠪᠢᠯᠠᠬᠤ ᠤᠰᠤᠯᠠᠯᠲᠠ ᠶᠢ ᠳᠡᠯᠭᠡᠷᠡᠭᠦᠯᠬᠦ ᠠᠵᠢᠯ ᠢ ᠲᠦᠯᠬᠢᠨ ᠠᠬᠢᠭᠤᠯᠵᠤ᠂ ᠲᠠᠷᠢᠶᠠᠯᠠᠩ ᠤᠨ ᠤᠰᠤ ᠠᠷᠪᠢᠯᠠᠵᠤ ᠠᠵᠤ ᠦᠢᠯᠡᠳᠪᠦᠷᠢ ᠶᠢ ᠲᠤᠰᠠᠯᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ 2024 ᠣᠨ ᠤ ᠬᠢᠨᠠᠨ ᠪᠤᠳᠤᠬᠤ ᠠᠵᠢᠯ ᠤᠨ ᠪᠠᠶᠢᠳᠠᠯ ᠵᠢᠴᠢ 2025 ᠣᠨ ᠤ ᠭᠤᠣᠯᠳᠠᠯᠭ᠎ᠠ ᠲᠠᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽2025 ᠣᠨ ᠤ ᠵᠠᠰᠠᠭ ᠤᠨ ᠣᠷᠳᠣᠨ ᠤ ᠠᠵᠢᠯ ᠤᠨ ᠮᠡᠳᠡᠭᠦᠯᠦᠯᠲᠡ ᠶᠢᠨ ᠭᠦᠢᠴᠡᠳᠬᠡᠯ ᠲᠤᠭ᠎ᠠ ᠵᠢᠴᠢ ᠡᠭᠦᠷᠭᠡ ᠶᠢ ᠵᠠᠳᠠᠯᠬᠤ ᠲᠥᠰᠦᠯ︾ ᠢ ᠰᠤᠳᠤᠯᠪᠠ᠃   
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号