2 ᠰᠠᠷ᠎ᠠ ᠶᠢᠨ 12 ᠤᠨ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ | ᠪᠠᠶᠠᠨᠰᠠᠶᠢᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶᠠᠨ ᠤ 2024 ᠣᠨ ᠤ ᠠᠷᠠᠳᠴᠢᠯᠠᠯ ᠤᠨ | ᠠᠮᠢᠳᠤᠷᠠᠯ ᠤᠨ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃ | ᠬᠤᠷᠠᠯ ᠳᠡᠭᠡᠷ᠎ᠡ᠂ ᠪᠠᠶᠠᠨᠰᠠᠶᠢᠨ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶᠠᠨ ᠤ ᠭᠤᠣᠯ | ᠬᠠᠷᠢᠭᠤᠴᠠᠯᠭᠠᠲᠠᠨ ᠨᠥᠬᠦᠳ ᠤᠳᠤᠷᠢᠳᠬᠤ ᠪᠠᠭ ᠢᠶᠠᠨ ᠲᠥᠯᠥᠭᠡᠯᠡᠨ ᠬᠠᠷᠢᠴᠠᠭᠤᠯᠤᠨ ᠪᠠᠶᠢᠴᠠᠭᠠᠵᠤ᠂ ᠪᠠᠭ ᠤᠨ | ᠪᠦᠷᠢᠯᠳᠦᠬᠦᠨ ᠨᠡᠷ ᠨᠢᠭᠡᠳ ᠨᠢᠭᠡ ᠪᠠᠷ ᠬᠤᠪᠢ ᠬᠥᠮᠦᠨ ᠤ ᠬᠠᠷᠢᠴᠠᠭᠤᠯᠤᠨ ᠪᠠᠶᠢᠴᠠᠭᠠᠵᠤ᠂ ᠰᠢᠭᠦᠮᠵᠢᠯᠡᠯ ᠪᠠ | ᠥᠪᠡᠷ ᠤᠨ ᠰᠢᠭᠦᠮᠵᠢᠯᠡᠯ ᠥᠷᠨᠢᠭᠦᠯᠪᠡ᠃ | ᠶᠠᠨ ᠸᠧᠨ ᠯᠦᠩ ᠢᠯᠡᠷᠬᠡᠶᠢᠯᠡᠬᠦ ᠳᠡᠭᠡᠨ᠂ ᠲᠤᠰ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ | ᠬᠤᠷᠠᠯ ᠠᠴᠠ ᠡᠮᠦᠨᠡᠬᠢ ᠪᠡᠯᠡᠳᠬᠡᠯ ᠭᠦᠢᠴᠡᠳ᠂ ᠬᠤᠷᠠᠯ ᠤᠨ ᠠᠭᠤᠷ ᠠᠮᠢᠰᠬᠤᠯ ᠲᠥᠪ ᠴᠢᠩᠭ᠎ᠠ ᠪᠥᠭᠡᠳ ᠠᠮᠢᠳᠤᠯᠢᠭ | ᠪᠠᠶᠢᠵᠤ᠂ ᠥᠪᠡᠷ ᠤᠨ ᠰᠢᠭᠦᠮᠵᠢᠯᠡᠯ ᠪᠠ ᠬᠠᠷᠢᠯᠴᠠᠨ ᠰᠢᠭᠦᠮᠵᠢᠯᠡᠯ ᠬᠢᠭᠰᠡᠨ ᠨᠢ ᠦᠨᠡᠨᠴᠢ ᠰᠢᠯᠤᠭᠤᠨ ᠢᠶᠠᠷ ᠨᠠᠮ ᠤᠨ | ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠮᠥᠨ᠃ ᠪᠠᠶᠢᠴᠠᠭᠠᠨ ᠢᠯᠡᠷᠡᠭᠦᠯᠦᠭᠰᠡᠨ ᠠᠰᠠᠭᠤᠳᠠᠯ ᠢ ᠦᠨᠡᠨ | ᠪᠣᠳᠠᠲᠠᠢ ᠴᠡᠭᠴᠡᠯᠡᠨ ᠰᠠᠶᠢᠵᠢᠷᠠᠭᠤᠯᠵᠤ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠦᠷ᠎ᠡ ᠪᠦᠲᠦᠭᠡᠯ ᠢ ᠦᠨᠡᠨ | ᠬᠦ ᠤᠳᠤᠷᠢᠳᠬᠤ ᠪᠠᠭ ᠤᠨ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠬᠤ ᠪᠣᠳᠠᠲᠠᠢ ᠦᠷ᠎ᠡ ᠪᠦᠲᠦᠮᠵᠢ | ᠪᠣᠯᠭᠠᠨ ᠬᠤᠪᠢᠷᠠᠭᠤᠯᠬᠤ ᠬᠡᠷᠡᠭᠲᠡᠢ ᠭᠡᠵᠠᠢ᠃ | ᠶᠠᠨ ᠸᠧᠨ ᠯᠦᠩ ᠬᠡᠯᠡᠬᠦ ᠳᠡᠭᠡᠨ᠂ ᠪᠠᠶᠠᠨᠰᠠᠶᠢᠨ ᠵᠡᠭᠡᠯᠢ ᠭᠤᠳᠤᠮᠵᠢ ᠨᠢ ᠬᠤᠲᠠ ᠶᠢᠨ ᠲᠣᠭᠤᠷᠢᠭ ᠤᠨ ᠭᠤᠤᠯ | ᠵᠡᠭᠡᠯᠢ ᠭᠤᠳᠤᠮᠵᠢ ᠪᠣᠯᠤᠭᠰᠠᠨ ᠤ ᠬᠤᠪᠢ ᠳᠤ᠂ ᠵᠣᠷᠢᠭᠲᠠᠶ ᠪᠠᠷ ᠴᠢᠬᠤᠯᠠ ᠡᠭᠦᠷᠭᠡ ᠡᠭᠦᠷᠭᠡᠯᠡᠵᠦ᠂ ᠢᠯᠡᠭᠦᠬᠡᠨ ᠬᠤᠪᠢ | ᠨᠡᠮᠡᠷᠢ ᠦᠵᠡᠭᠦᠯᠬᠦ ᠬᠡᠷᠡᠭᠲᠡᠶ᠃ ᠨᠢᠭᠡ ᠳᠤ᠂ ᠤᠯᠤᠰ ᠲᠦᠷᠦ ᠶᠢᠨ ᠤᠨᠤᠯ ᠤᠨ ᠰᠤᠷᠤᠯᠴᠠᠯᠭ᠎ᠠ ᠶᠢᠨ ᠴᠢᠭᠯᠡᠭᠦᠯᠦᠯᠲᠦ | ᠴᠢᠨᠠᠷ ᠢ ᠴᠢᠩᠭᠠᠳᠬᠠᠵᠤ᠂ ᠪᠣᠳᠠᠲᠠᠢ ᠲᠠᠢ ᠤᠶᠠᠯᠳᠤᠭᠤᠯᠬᠤ᠂ ᠠᠰᠠᠭᠤᠳᠠᠯ ᠢ ᠵᠢᠯᠣᠭᠤᠳᠬᠤ᠂ ᠦᠢᠯᠡᠳᠦᠯᠭᠡ ᠶᠢ | ᠵᠢᠯᠣᠭᠤᠳᠬᠤ᠂ ᠬᠠᠷᠠᠯᠲᠠ ᠲᠠᠢ ᠪᠣᠯᠬᠤ ᠤᠳᠤᠷᠢᠳᠤᠮᠵᠢ ᠪᠠᠷ ᠰᠤᠷᠤᠯᠴᠠᠵᠤ᠂ ᠤᠴᠢᠷ ᠤᠴᠢᠷ ᠢ ᠣᠶᠢᠯᠠᠭᠠᠬᠤ᠂ ᠤᠴᠢᠷ | ᠰᠢᠯᠲᠠᠭᠠᠨ ᠢ ᠣᠶᠢᠯᠠᠭᠠᠬᠤ᠂ ᠨᠡᠩ ᠴᠤ ᠵᠠᠶᠢᠯᠠᠰᠢ ᠦᠭᠡᠢ ᠣᠶᠢᠯᠠᠭᠠᠬᠤ ᠶᠢ ᠪᠡᠶᠡᠯᠡᠭᠦᠯᠵᠦ᠂ ᠡᠯ᠎ᠡ ᠵᠦᠢᠯ ᠤᠨ ᠠᠵᠢᠯ ᠤᠨ | ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ᠃ ᠬᠤᠶᠠᠷ ᠲᠤ᠂ ᠦᠵᠡᠯ ᠰᠠᠨᠠᠭ᠎ᠠ ᠲᠠᠨᠢᠯᠲᠠ ᠪᠠᠨ | ᠤᠬᠠᠮᠰᠠᠷ ᠠᠴᠠ ᠪᠠᠨ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ | ᠪᠠᠬᠢᠯᠡᠯᠲᠡ ᠶᠢᠨ ᠦᠢᠯᠡᠳᠦᠯ ᠪᠣᠯᠤᠨ ᠡᠪ ᠬᠠᠮᠲᠤ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ | ᠭᠦᠢᠴᠡᠳ ᠪᠠᠳᠠᠷᠠᠭᠤᠯᠵᠤ᠂ ᠪᠤᠢ ᠪᠦᠬᠦᠢ ᠪᠣᠳᠠᠲᠤ ᠶᠠᠪᠤᠳᠠᠯ ᠢ ᠴᠥᠮ ᠪᠣᠳᠠᠲᠠᠢ ᠰᠢᠢᠳᠪᠦᠷᠢᠯᠡᠬᠦ ᠶᠢ ᠪᠠᠲᠤᠯᠠᠵᠤ᠂ ᠤᠯᠠᠨ | ᠲᠦᠮᠡᠨ ᠰᠠᠨᠠᠭ᠎ᠠ ᠠᠮᠤᠷ ᠪᠠᠶᠢᠬᠤ ᠶᠢ ᠪᠠᠲᠤᠯᠠᠵᠤ᠂ ︽ᠬᠡᠯᠡᠭᠰᠡᠨ ᠳᠡᠭᠡᠨ ᠰᠠᠭᠤᠬᠤ︾ ᠶᠢ ᠠᠷᠠᠳ ᠲᠦᠮᠡᠨ ᠳᠤ | ᠦᠢᠯᠡᠴᠢᠯᠡᠬᠦ ᠠᠯᠳᠠᠨ ᠦᠰᠦᠭᠲᠦ ᠫᠠᠶᠢᠰᠠ ᠪᠣᠯᠭᠠᠬᠤ ᠬᠡᠷᠡᠭᠲᠡᠢ᠃ ᠭᠤᠷᠪᠠ ᠳᠤ᠂ ᠬᠠᠷᠢᠭᠤᠴᠠᠯᠭ᠎ᠠ ᠡᠭᠦᠷᠭᠡᠯᠡᠬᠦ ᠶᠢ | ᠠᠵᠢᠯᠯᠠᠭ᠎ᠠ ᠳᠤᠮᠳᠠ ᠪᠠᠨ ᠨᠠᠶᠢᠳᠠᠪᠤᠷᠢᠵᠢᠭᠤᠯᠵᠤ᠂ ︽ᠥᠩᠭᠡᠷᠡᠭᠰᠡᠨ ᠤ ᠭᠠᠪᠢᠶ᠎ᠠ ᠶᠢᠨ ᠳᠡᠪᠲᠡᠷ ᠲᠤ ᠤᠨᠲᠠᠬᠤ︾ ᠦᠵᠡᠯ | ᠰᠠᠨᠠᠭ᠎ᠠ ᠶᠢ ᠲᠠᠶᠠᠭᠳᠠᠵᠤ᠂ ᠪᠠᠶᠢᠰᠢᠩ ᠲᠣᠭᠤᠷᠢᠭ ᠤᠨ ᠬᠥᠮᠦᠨ ᠠᠮᠠ ᠶᠢ ᠨᠠᠷᠢᠯᠢᠭᠵᠢᠭᠤᠯᠤᠨ ᠬᠠᠮᠢᠶᠠᠷᠬᠤ᠂ ᠨᠠᠮ ᠤᠨ | ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠵᠡᠷᠭᠡ ᠲᠠᠯ᠎ᠠ ᠪᠠᠷ ᠬᠠᠭᠤᠴᠢᠨ ᠢ | ᠥᠭᠡᠷᠡᠴᠢᠯᠡᠵᠦ ᠰᠢᠨ᠎ᠡ ᠶᠢ ᠡᠭᠦᠳᠴᠦ᠂ ᠲᠡᠷᠢᠭᠦᠨ ᠤ ᠬᠢ ᠶᠢ ᠲᠡᠮᠡᠴᠡᠨ ᠰᠢᠯᠢᠳᠡᠭ ᠢ ᠡᠭᠦᠳᠴᠦ᠂ ᠣᠨᠴᠠᠯᠢᠭ ᠲᠠᠢ ᠬᠢᠯᠠᠰ | ᠴᠡᠭ ᠤᠨ ᠲᠦᠷᠦᠯ ᠲᠡᠮᠳᠡᠭ ᠢ ᠨᠡᠩ ᠭᠡᠷᠡᠯᠲᠦᠭᠦᠯᠬᠦ ᠬᠡᠷᠡᠭᠲᠡᠢ᠃ ᠲᠦᠷᠪᠡ ᠳᠤ᠂ ᠰᠠᠬᠢᠯᠭ᠎ᠠ ᠪᠠᠲᠤ ᠰᠤᠷᠲᠠᠯ ᠤᠨ | ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠥᠪᠡᠷ ᠢ ᠪᠠᠨ ᠦᠨᠡᠨ ᠬᠦ ᠰᠠᠶᠢᠲᠤᠷ ᠬᠠᠮᠢᠶᠠᠷᠴᠤ᠂ ᠳᠡᠷᠭᠡᠳᠡᠬᠢ | ᠬᠥᠮᠦᠨ ᠢᠶᠠᠨ ᠰᠠᠶᠢᠲᠤᠷ ᠬᠠᠮᠢᠶᠠᠷᠴᠤ᠂ ᠤᠳᠤᠷᠢᠳᠬᠤ ᠪᠠᠭ ᠢᠶᠠᠨ ᠰᠠᠶᠢᠲᠤᠷ ᠬᠠᠮᠢᠶᠠᠷᠴᠤ᠂ ᠡᠩᠨᠡᠭᠡ ᠶᠢ ᠰᠠᠶᠢᠲᠤᠷ | ᠳᠠᠭᠠᠭᠤᠯᠵᠤ᠂ ᠡᠷᠲᠡ ᠠᠴᠠ ᠠᠳᠬᠤᠵᠤ ᠪᠠᠭ᠎ᠠ ᠳᠤᠨᠢ ᠠᠳᠬᠤᠬᠤ᠂ ᠴᠤᠬᠤᠶᠢᠯᠲᠠ ᠶᠢ ᠠᠳᠬᠤᠬᠤ ᠶᠢ ᠴᠢᠬᠤᠯᠠᠴᠢᠯᠠᠵᠤ᠂ | ᠬᠠᠷᠢᠯᠴᠠᠨ ᠬᠢᠨᠠᠯᠲᠠ ᠲᠠᠯᠪᠢᠬᠤ ᠶᠢ ᠴᠠᠭ ᠲᠤᠬᠠᠢ ᠳᠤᠨᠢ ᠰᠠᠨᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ | ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠠᠢ᠃ | ᠲᠣᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠲᠣᠭᠤᠷᠢᠭ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠬᠤᠯᠪᠣᠭᠳᠠᠯ ᠪᠦᠬᠦᠢ ᠤᠳᠤᠷᠢᠳᠤᠯᠭ᠎ᠠ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃ |