ᠲᠤᠭᠤᠷᠢᠭ ᠤᠨ ᠵᠠᠰᠠᠭ ᠤᠨ ᠣᠷᠳᠣᠨ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/13
      2 ᠰᠠᠷ᠎ᠠ ᠶᠢᠨ 12 ᠤᠨ ᠡᠳᠦᠷ᠂ ᠲᠤᠭᠤᠷᠢᠭ ᠤᠨ ᠵᠠᠰᠠᠭ ᠤᠨ ᠣᠷᠳᠣᠨ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠬᠤᠷᠠᠯᠳᠤᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠢ ᠪᠠᠶᠢᠷᠢᠯᠠᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠯᠢᠦ ᠬᠤ᠋ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃      ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠳᠡᠳ᠋ ᠳᠠᠷᠤᠭ᠎ᠠ ᠬᠠᠨ ᡁᠢ ᠯᠢᠨ ᠬᠤᠷᠠᠯ ᠢ ᠡᠷᠭᠢᠯᠡᠵᠦ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢ ᠴᠦᠨ ᠶᠠᠨ ᠤᠷᠢᠯᠭ᠎ᠠ ᠪᠠᠷ ᠬᠤᠷᠠᠯ ᠳᠤ ᠣᠷᠣᠯᠴᠠᠵᠤ᠂ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠪᠠ᠃    ᠯᠢᠦ ᠬᠤ᠋ ᠴᠢᠬᠤᠯᠠᠴᠢᠯᠠᠭᠰᠠᠨ ᠨᠢ᠂ ᠪᠦᠬᠦ ᠲᠤᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠪᠣᠯᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠦᠷᠦ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ᠂ ᠬᠤᠳᠠ ᠶᠢᠨ ᠵᠠᠰᠠᠭ ᠤᠨ ᠣᠷᠳᠣᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠦᠬᠦᠳᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠲᠠᠢ ᠨᠢᠭᠲᠠ ᠤᠶᠠᠯᠳᠤᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠢ ᠡᠷᠡᠰ ᠭᠤᠶᠢᠪᠢᠰᠢ ᠦᠭᠡᠢ ᠠᠬᠢᠭᠤᠯᠵᠤ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠣᠯᠤᠨ ᠴᠢᠩᠭ᠎ᠠ ᠪᠠᠷᠢᠮᠵᠢᠶ᠎ᠠ ᠪᠠᠷ ᠨᠠᠮ ᠢ ᠬᠠᠮᠢᠶᠠᠷᠴᠤ ᠨᠠᠮ ᠢ ᠵᠠᠰᠠᠵᠤ᠂ ᠰᠠᠬᠢᠯᠭ᠎ᠠ ᠪᠠᠲᠤ ᠶᠢ ᠴᠢᠩᠳᠠᠯᠠᠬᠤ ᠪᠠ ᠬᠠᠲᠠᠭᠤ ᠴᠢᠩᠭ᠎ᠠ ᠰᠤᠷᠲᠠᠯ ᠢᠶᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠬᠦ ᠶᠢ ᠪᠠᠷᠢᠮᠲᠠᠯᠠᠵᠤ᠂ ᠨᠠᠮ ᠤᠨ ᠲᠥᠪ ᠬᠤᠷᠢᠶᠠᠨ ᠤ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠤᠭᠴᠠᠵᠢᠭᠤᠯᠤᠨ ᠠᠬᠢᠭᠤᠯᠬᠤ ᠴᠢᠭᠯᠡᠯᠲᠡ ᠠᠷᠭ᠎ᠠ ᠪᠤᠳᠤᠯᠭ᠎ᠠ ᠶᠢ ᠭᠦᠨᠵᠡᠭᠡᠢ ᠡᠵᠡᠮᠳᠡᠵᠦ᠂ ᠡᠭᠦᠷᠢᠳᠡ ᠵᠤᠬᠰᠤᠰᠢ ᠦᠭᠡᠢ ᠬᠠᠳᠠᠨ ᠵᠣᠷᠢᠭ ᠢᠶᠠᠷ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠵᠤ᠂ ᠨᠠᠮ ᠢ ᠴᠢᠩᠭ᠎ᠠ ᠬᠠᠮᠢᠶᠠᠷᠴᠤ ᠨᠠᠮ ᠢ ᠴᠢᠩᠭ᠎ᠠ ᠵᠠᠰᠠᠬᠤ ᠪᠠᠷ ᠴᠢᠨᠠᠷ ᠰᠠᠶᠢᠲᠠᠢ ᠬᠥᠭᠵᠢᠯᠲᠡ ᠶᠢ ᠬᠦᠳᠦᠯᠦᠨ ᠳᠠᠭᠠᠭᠤᠯᠵᠤ ᠪᠠᠲᠤᠯᠠᠵᠤ᠂ ᠴᠢᠩᠭ᠎ᠠ ᠬᠦᠭ ᠠᠶᠠᠰ ᠢ ᠵᠠᠰᠠᠭ ᠤᠨ ᠣᠷᠳᠣᠨ ᠤ ᠠᠵᠢᠯ ᠳᠤ ᠢᠮᠠᠭᠲᠠ ᠲᠤᠭᠤᠰᠢᠯᠠᠭᠤᠯᠬᠤ ᠬᠡᠷᠡᠭᠲᠡᠢ᠃ ᠠᠯᠳᠠᠰᠢ ᠭᠠᠷᠬᠤ ᠶᠢ ᠰᠡᠷᠭᠡᠶᠢᠯᠡᠨ ᠠᠶᠤᠯ ᠲᠦᠭᠰᠢᠭᠦᠷᠢ ᠶᠢ ᠰᠡᠷᠭᠡᠶᠢᠯᠡᠬᠦ ᠶᠢ ᠪᠠᠷᠢᠮᠲᠠᠯᠠᠵᠤ᠂ ᠡᠳ᠋ ᠤᠨ ᠶᠠᠪᠤᠳᠠᠯ ᠨᠢᠭᠲᠠᠯᠠᠨ ᠪᠤᠳᠤᠬᠤ ᠳᠤ ᠬᠢᠨᠠᠯᠲᠠ ᠲᠠᠯᠪᠢᠬᠤ ᠶᠢ ᠲᠤᠪᠤᠶᠢᠮ᠎ᠠ ᠰᠠᠶᠢᠲᠤᠷ ᠠᠳᠬᠤᠵᠤ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠰᠤᠷᠭᠠᠨ ᠬᠥᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠬᠦᠷᠢᠶ᠎ᠡ ᠶᠢ ᠴᠢᠩᠭ᠎ᠠ ᠰᠠᠶᠢᠲᠤᠷ ᠬᠠᠮᠢᠶᠠᠷᠴᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠰᠠᠭ ᠵᠠᠬᠢᠷᠭᠠᠨ ᠤ ᠡᠷᠬᠡ ᠶᠢ ᠪᠦᠬᠦ ᠲᠠᠯ᠎ᠠ ᠪᠠᠷ ᠵᠢᠷᠤᠮᠵᠢᠭᠤᠯᠵᠤ᠂ ᠢᠯᠵᠠᠷᠠᠯ ᠢ ᠵᠠᠯᠬᠠᠭᠠᠨ ᠰᠢᠳᠬᠡᠬᠦ ᠶᠢ ᠵᠠᠰᠠᠭ ᠤᠨ ᠣᠷᠳᠣᠨ ᠤ ᠠᠵᠢᠯ ᠳᠤ ᠢᠮᠠᠭᠲᠠ ᠲᠤᠭᠤᠰᠢᠯᠠᠭᠤᠯᠬᠤ ᠬᠡᠷᠡᠭᠲᠡᠢ᠃ ᠲᠥᠪ ᠭᠤᠣᠯᠴᠢ ᠠᠷᠢᠭᠤᠨ ᠴᠢᠬᠡᠴᠢ ᠪᠠᠷ ᠬᠤᠷᠢᠭ᠎ᠠ ᠱᠤᠭᠤᠮ ᠢ ᠰᠠᠬᠢᠬᠤ ᠶᠢ ᠪᠠᠷᠢᠮᠲᠠᠯᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠳᠠᠷᠤᠯᠲᠠ ᠪᠠ ᠬᠦᠴᠦ ᠨᠡᠮᠡᠵᠦ᠂ ᠨᠠᠮ ᠤᠨ ᠰᠠᠬᠢᠯᠭ᠎ᠠ ᠪᠠᠲᠤ ᠶᠣᠰᠣ ᠲᠦᠷᠢᠮ ᠢ ᠴᠢᠩᠳᠠᠯᠠᠬᠤ ᠲᠠᠯ᠎ᠠ ᠪᠠᠷ ᠴᠢᠩᠭ᠎ᠠ ᠠᠳᠬᠤᠵᠤ᠂ ᠢᠯᠵᠠᠷᠠᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠲᠠᠯ᠎ᠠ ᠪᠠᠷ ᠡᠷᠡᠰ ᠪᠠᠲᠤ ᠪᠠᠶᠢᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠵᠠᠰᠠᠭ ᠤᠨ ᠣᠷᠳᠣᠨ ᠤ ᠠᠵᠢᠯ ᠳᠤ ᠢᠮᠠᠭᠲᠠ ᠲᠤᠭᠤᠰᠢᠯᠠᠭᠤᠯᠬᠤ ᠬᠡᠷᠡᠭᠲᠡᠶ᠃ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠨ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠵᠤ᠂ ︽ᠪᠣᠳᠠᠲᠠᠢ︾ ᠳᠤ ᠠᠩᠬᠠᠷᠤᠯ ᠢᠶᠠᠨ ᠲᠥᠪᠯᠡᠷᠡᠭᠦᠯᠦᠨ ᠲᠠᠬᠢᠨ ᠬᠦᠴᠦᠯᠡᠵᠦ᠂ ︽ᠲᠦᠷᠭᠡᠨ︾ ᠳᠤ ᠠᠩᠬᠠᠷᠤᠯ ᠢᠶᠠᠨ ᠲᠥᠪᠯᠡᠷᠡᠭᠦᠯᠦᠨ ᠲᠠᠬᠢᠨ ᠬᠦᠴᠦᠯᠡᠵᠦ᠂ ︽ᠲᠠᠪᠤᠨ ᠶᠡᠭᠡ ᠡᠭᠦᠷᠭᠡ︾︽ᠵᠢᠷᠭᠤᠭᠠᠨ ᠢᠨᠵᠧᠨᠧᠷᠢᠩ︾︽ᠵᠢᠷᠭᠤᠭᠠᠨ ᠠᠵᠢᠯᠯᠠᠭ᠎ᠠ︾ ᠪᠣᠯᠤᠨ ︽ᠠᠷᠪᠠᠨ ᠵᠦᠢᠯ ᠤᠨ ᠭᠤᠣᠯᠳᠠᠯᠭ᠎ᠠ ᠲᠠᠢ ᠠᠵᠢᠯ︾ ᠢ ᠰᠠᠶᠢᠲᠤᠷ ᠨᠠᠶᠢᠳᠠᠪᠤᠷᠢᠵᠢᠭᠤᠯᠵᠤ᠂ ᠰᠢᠯᠢᠳᠡᠭ ᠰᠤᠷᠲᠠᠯ ᠢᠶᠠᠨ ᠵᠠᠰᠠᠭ ᠤᠨ ᠣᠷᠳᠣᠨ ᠤ ᠠᠵᠢᠯ ᠳᠤ ᠢᠮᠠᠭᠲᠠ ᠲᠤᠤᠱᠯᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠳᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠠᠢ︕
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号