ᠤᠯᠠᠭᠠᠨᠨᠠᠭᠤᠷ ᠪᠠᠯᠭᠠᠰᠤ᠄ ᠨᠢᠭᠡ ᠰᠡᠳᠬᠢᠯ ᠢᠶᠠᠷ ᠦᠨᠳᠦᠰᠦᠲᠡᠨ ᠤ ᠪᠦᠯᠬᠦᠮᠳᠡᠯ ᠤᠨ ᠰᠢᠨ᠎ᠡ ᠬᠠᠭᠤᠳᠠᠰᠤ ᠶᠢ ᠵᠢᠷᠤᠭᠯᠠᠪᠠ
ᠨᠡᠶᠢᠲᠡᠯᠡᠭᠰᠡᠨ ᠴᠠᠭ᠄
2025/2/14
      ᠤᠶᠢᠷ᠎ᠠ ᠶᠢᠨ ᠵᠢᠯ ᠤᠨ ᠲᠤᠷᠰᠢ᠂ ᠤᠳᠠ ᠲᠣᠭᠤᠷᠢᠭ ᠤᠨ ᠤᠯᠠᠭᠠᠨᠨᠠᠭᠤᠷ ᠪᠠᠯᠭᠠᠰᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠰᠣᠶᠣᠯ ᠤᠨ ᠰᠣᠯᠢᠯᠴᠠᠭ᠎ᠠ᠂ ᠰᠤᠷᠭᠠᠨ ᠬᠥᠮᠦᠵᠢᠭᠦᠯᠵᠦ ᠬᠥᠲᠥᠯᠥᠨ ᠵᠢᠯᠣᠭᠤᠳᠬᠤ᠂ ᠬᠠᠮᠲᠤ ᠶᠢᠨ ᠠᠵᠤ ᠠᠬᠤᠶ ᠶᠢ ᠬᠥᠭᠵᠢᠭᠦᠯᠬᠦ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠳᠤ ᠲᠠᠰᠤᠷᠠᠯᠲᠠ ᠥᠬᠡᠶ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠪᠠ᠃      ᠤᠯᠠᠭᠠᠨᠨᠠᠭᠤᠷ ᠪᠠᠯᠭᠠᠰᠤᠨ ᠤ ᠠᠵᠤ ᠦᠢᠯᠡᠰ ᠤᠨ ᠰᠠᠭᠤᠷᠢ ᠳᠤ ᠰᠠᠭᠤᠷᠢᠯᠠᠵᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠵᠤᠭᠠᠴᠠᠯ ᠤᠨ ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨᠵᠡᠭᠡᠢ ᠡᠳ᠋ᠰᠢᠭᠦᠯᠦᠨ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠬᠥᠳᠡᠯᠭᠡᠬᠦ ᠬᠦᠴᠦᠨ ᠬᠠᠩᠭᠠᠪᠠ᠃ ᠡᠭᠦᠨ ᠤ ᠬᠠᠮᠲᠤ᠂ ᠰᠡᠯᠡᠭᠦᠴᠡᠯ ᠤᠨ ᠲᠠᠷᠢᠶᠠᠯᠠᠩ ᠪᠣᠯᠤᠨ ᠬᠥᠳᠡᠭᠡ ᠲᠣᠰᠬᠤᠨ ᠤ ᠰᠣᠶᠣᠯ ᠵᠤᠭᠠᠴᠠᠯ ᠢ ᠤᠶᠠᠯᠳᠤᠭᠤᠯᠵᠤ᠂ ᠵᠤᠭᠠᠴᠠᠯ ᠤᠨ ᠦᠢᠯᠡᠰ ᠤᠨ ᠬᠡᠯᠪᠡᠷᠢ ᠶᠢ ᠦᠷᠭᠦᠯᠵᠢᠯᠡᠨ ᠪᠠᠶᠠᠯᠢᠭᠵᠢᠭᠤᠯᠵᠤ᠂ ᠵᠤᠭᠠᠴᠠᠯ ᠢᠶᠠᠷ ᠬᠤᠳᠠᠯᠳᠤᠭ᠎ᠠ ᠶᠢ ᠠᠬᠢᠭᠤᠯᠬᠤ᠂ ᠬᠤᠳᠠᠯᠳᠤᠭᠠᠴᠢᠨ ᠢᠶᠠᠷ ᠠᠷᠠᠳ ᠢ ᠪᠠᠶᠠᠵᠢᠭᠤᠯᠬᠤ ᠬᠥᠭᠵᠢᠯᠲᠡ ᠶᠢᠨ ᠵᠠᠮ ᠢ ᠪᠦᠷᠢᠯᠳᠦᠭᠦᠯᠵᠦ᠂ ᠬᠥᠳᠡᠭᠡ ᠠᠵᠤ ᠠᠬᠤᠢ ᠰᠣᠶᠣᠯ ᠵᠤᠭᠠᠴᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃
15.jpg      ᠤᠯᠠᠭᠠᠨᠨᠠᠭᠤᠷ ᠪᠠᠯᠭᠠᠰᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠷᠠᠳ ᠤᠨ ᠠᠮᠢᠳᠤᠷᠠᠯ ᠢ
ᠰᠠᠶᠢᠵᠢᠷᠠᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠲᠠᠰᠤᠷᠠᠯᠲᠠ ᠥᠬᠡᠶ ᠴᠢᠩᠭᠠᠳᠬᠠᠵᠤ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠰᠤᠷᠭᠠᠨ ᠬᠥᠮᠦᠵᠢᠯ᠂ ᠡᠮ ᠡᠮᠨᠡᠯᠭᠡ᠂ ᠣᠷᠣᠨ ᠰᠠᠭᠤᠴᠠ ᠵᠡᠷᠭᠡ ᠬᠦᠷᠢᠶᠡᠨ ᠳᠤ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠣᠰᠬᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠲᠦᠰᠢᠭᠯᠡᠨ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠲᠠᠷᠢᠶᠠᠴᠢᠨ ᠠᠶᠢᠯ ᠤᠨ ᠨᠣᠮ ᠤᠨ ᠥᠷᠥᠭᠡ ᠵᠡᠷᠭᠡ ᠤᠨᠴᠠᠯᠢᠬᠳᠤ ᠴᠢᠳᠠᠮᠵᠢ ᠶᠢᠨ ᠲᠠᠰᠤᠭ ᠭᠠᠷᠭᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ ᠶᠢ ᠦᠨᠡᠨ ᠬᠦ ᠪᠠᠲᠤᠯᠠᠪᠠ᠃
16.jpg   
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号