2 ᠰᠠᠷ᠎ᠠ ᠶᠢᠨ 13 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ ᠠᠵᠢᠯ | ᠣᠯᠭᠤᠯᠲᠠ ᠶᠢ ᠠᠬᠢᠭᠤᠯᠬᠤ ᠠᠵᠢᠯᠯᠠᠭ᠎ᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ᠃ | ᠲᠣᠭᠤᠷᠢᠭ ᠤᠨ ᠤᠳᠤᠷᠢᠳᠤᠯᠭ᠎ᠠ ᠰᠢᠤᠢ ᠢ ᠱᠦ᠂ ᠯᠢᠦ ᠨᠠᠷᠠᠨ ᠣᠷᠣᠯᠴᠠᠪᠠ᠃ | ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ᠂ ᠹᠦ᠋ ᠰᠢᠩ ᠨᠡᠶᠢᠭᠡᠮ ᠲᠣᠭᠤᠷᠢᠭ ᠪᠣᠯᠤᠨ | ᠵᠢᠶᠦ᠋ᠨ ᠵᠧᠩ ᠠᠵᠢᠯ ᠮᠡᠷᠭᠡᠵᠢᠯ ᠤᠨ ᠪᠣᠯᠪᠠᠰᠤᠷᠠᠯ ᠤᠨ ᠰᠤᠷᠭᠠᠭᠤᠯᠢ ᠳᠤ᠂ ᠶᠠᠨ ᠸᠧᠨ ᠯᠦᠩ ᠠᠵᠤ ᠠᠬᠤᠶᠢᠯᠠᠯ ᠤᠨ | ᠠᠵᠢᠯᠲᠠᠨ ᠡᠯᠰᠡᠬᠦ ᠠᠵᠢᠯ ᠤᠨ ᠪᠠᠶᠢᠷᠢ᠂ ᠤᠷᠢᠭᠳᠠᠭᠰᠠᠨ ᠬᠥᠮᠦᠰ ᠤᠨ ᠠᠵᠢᠯ ᠡᠷᠢᠬᠦ ᠪᠤᠳᠤᠯ ᠪᠣᠯᠤᠨ ᠠᠵᠤ | ᠦᠢᠯᠡᠰ ᠤᠨ ᠠᠵᠢᠯᠴᠢᠨ ᠤ ᠪᠣᠯᠪᠠᠰᠤᠷᠠᠯ ᠵᠡᠷᠭᠡ ᠪᠠᠶᠢᠳᠠᠯ ᠢ ᠨᠠᠷᠢᠨ ᠯᠠᠪᠯᠠᠨ ᠠᠰᠠᠭᠤᠪᠠ᠃ ᠲᠡᠷᠡ ᠬᠡᠯᠡᠭᠰᠡᠨ ᠨᠢ᠂ | ᠠᠵᠢᠯ ᠣᠯᠭᠤᠯᠲᠠ ᠪᠣᠯ ᠬᠠᠮᠤᠭ ᠤᠨ ᠦᠨᠳᠦᠰᠦᠨ ᠠᠷᠠᠳ ᠤᠨ ᠠᠮᠢᠳᠤᠷᠠᠯ ᠮᠥᠨ᠂ ᠠᠵᠢᠯ ᠣᠯᠭᠤᠯᠲᠠ ᠶᠢ | ᠠᠬᠢᠭᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠡᠪᠯᠡᠯ ᠤᠨ ᠬᠤᠷᠢᠶᠠᠨ ᠤ ︽ᠵᠠᠯᠠᠭᠤᠴᠤᠳ ᠤᠨ ᠣᠷᠣᠶ ᠶᠢᠨ | ᠰᠤᠷᠭᠠᠭᠤᠯᠢ︾᠂ ᠵᠡᠮᠳᠡᠭᠴᠦᠳ ᠤᠨ ᠬᠤᠯᠪᠣᠭ᠎ᠠ ᠶᠢᠨ ᠠᠵᠢᠯ ᠮᠡᠷᠭᠡᠵᠢᠯ ᠤᠨ ᠪᠣᠯᠪᠠᠰᠤᠷᠠᠯ ᠤᠨ ᠰᠠᠭᠤᠷᠢᠨ ᠭᠠᠵᠠᠷ ᠵᠡᠷᠭᠡ | ᠲᠠᠪᠴᠠᠩ ᠤᠨ ᠡᠬᠢ ᠪᠠᠶᠠᠯᠢᠭ ᠢ ᠰᠢᠯᠢᠳᠡᠭᠵᠢᠭᠦᠯᠦᠨ ᠨᠡᠶᠢᠯᠡᠭᠦᠯᠵᠦ᠂ ᠠᠵᠤ ᠦᠢᠯᠡᠰ ᠢᠶᠠᠷ ᠳᠠᠶᠢᠴᠢᠯᠠᠬᠤ᠂ ᠲᠥᠷᠥ ᠶᠢᠨ | ᠪᠣᠳᠣᠯᠭ᠎ᠠ ᠪᠠᠷ ᠲᠡᠳᠬᠦᠬᠦ᠂ ᠠᠳᠠᠯ ᠦᠢᠯᠡᠰ ᠴᠣᠭᠴᠠᠯᠠᠬᠤ ᠪᠠᠷ ᠳᠠᠶᠢᠴᠢᠯᠠᠬᠤ᠂ ᠪᠣᠯᠪᠠᠰᠤᠷᠠᠭᠤᠯᠤᠯ ᠢ ᠠᠬᠢᠭᠤᠯᠬᠤ ᠵᠡᠷᠭᠡ | ᠲᠠᠯ᠎ᠠ ᠪᠠᠷ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠠᠪᠴᠤ᠂ ᠨᠠᠩ ᠣᠯᠠᠨ ᠠᠵᠢᠯ ᠣᠯᠭᠤᠬᠤ ᠲᠣᠬᠢᠶᠠᠯ ᠢ ᠡᠭᠦᠳᠴᠦ᠂ | ᠤᠳᠠ ᠲᠤᠭᠤᠷᠢᠭ ᠤᠨ ᠣᠨᠴᠠᠯᠢᠭ ᠲᠠᠢ ᠠᠵᠢᠯ ᠣᠯᠭᠤᠯᠲᠠ ᠶᠢᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ | ᠪᠣᠶ ᠪᠣᠯᠭᠠᠬᠤ ᠬᠡᠷᠡᠭᠲᠡᠶ᠃ ᠡᠯ᠎ᠡ ᠵᠦᠢᠯ ᠤᠨ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠠᠷᠭ᠎ᠠ ᠬᠡᠮᠵᠢᠶ᠎ᠡ ᠶᠢ | ᠰᠠᠶᠢᠲᠤᠷ ᠨᠠᠶᠢᠳᠠᠪᠤᠷᠢᠵᠢᠭᠤᠯᠵᠤ᠂ ᠭᠠᠵᠠᠷ ᠣᠷᠣᠨ ᠤ ᠭᠤᠣᠯᠯᠠᠬᠤ ᠠᠵᠤ ᠦᠢᠯᠡᠰ᠂ ᠲᠣᠭᠠᠴᠢᠯᠠᠭᠰᠠᠨ ᠠᠵᠤ ᠠᠬᠤᠢ᠂ | ᠶᠢᠨ ᠹᠠ ᠠᠵᠤ ᠠᠬᠤᠢ ᠵᠡᠷᠭᠡ ᠵᠠᠬ᠎ᠠ ᠳᠡᠯᠭᠡᠭᠦᠷ ᠤᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠩᠭᠠᠯᠭ᠎ᠠ | ᠬᠡᠷᠡᠭᠴᠡᠭᠡ ᠶᠢ ᠵᠣᠯᠭᠠᠭᠤᠯᠬᠤ ᠲᠠᠪᠴᠠᠩ ᠢ ᠢᠳᠡᠪᠬᠢᠲᠡᠢ ᠪᠠᠶᠢᠭᠤᠯᠵᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ | ᠪᠣᠯᠪᠠᠰᠤᠷᠠᠯ ᠢ ᠣᠨᠣᠪᠴᠢᠲᠠᠢ ᠥᠷᠨᠢᠭᠦᠯᠵᠦ᠂ ᠠᠮᠢᠳᠤᠯᠢᠭ ᠴᠢᠨᠠᠷᠲᠠᠢ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠵᠦ᠂ | ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠠᠵᠢᠯ ᠣᠯᠭᠤᠯᠲᠠ ᠶᠢᠨ ᠬᠠᠮᠲᠤᠯᠢᠭ ᠢ ᠪᠤᠵᠠᠭᠠᠶᠢᠷᠠᠭᠤᠯᠵᠤ᠂ ᠠᠵᠢᠯ | ᠣᠯᠭᠤᠯᠲᠠ ᠶᠢᠨ ᠦᠢᠯᠡᠴᠢᠯᠡᠭᠡᠨ ᠤ ᠦᠷ᠎ᠡ ᠪᠦᠲᠦᠮᠵᠢ ᠶᠢ ᠤᠯᠠᠨ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠬᠠᠷᠢᠶ᠎ᠠ | ᠣᠷᠣᠨ ᠤ ᠬᠥᠮᠦᠨ ᠠᠮᠠ ᠶᠢᠨ ᠨᠠᠰᠤᠨ ᠤ ᠪᠦᠲᠦᠴᠡ᠂ ᠰᠣᠶᠣᠯ ᠤᠨ ᠬᠢᠷᠢ ᠬᠡᠮᠵᠢᠶ᠎ᠡ᠂ ᠲᠤᠰᠬᠠᠶ ᠮᠡᠷᠭᠡᠵᠢᠯ ᠤᠨ ᠣᠨᠴᠠ | ᠴᠢᠳᠠᠪᠤᠷᠢ ᠵᠡᠷᠭᠡ ᠠᠵᠢᠯ ᠣᠯᠭᠤᠯᠲᠠ ᠶᠢᠨ ᠰᠠᠭᠤᠷᠢ ᠲᠤᠭ᠎ᠠ ᠶᠢ ᠣᠨᠣᠪᠴᠢᠲᠠᠶ ᠣᠶᠢᠯᠠᠭᠠᠵᠤ᠂ ᠠᠵᠢᠯ ᠡᠷᠢᠭᠰᠡᠳ ᠲᠤ | ᠣᠯᠠᠨ ᠡᠰᠢᠲᠦ ᠠᠵᠢᠯ ᠤᠨ ᠪᠠᠶᠢᠷᠢ ᠶᠢᠨ ᠮᠡᠳᠡᠭᠡ ᠵᠠᠩᠭᠢ ᠬᠠᠩᠭᠠᠵᠤ᠂ ᠬᠠᠩᠭᠠᠯᠭ᠎ᠠ ᠬᠡᠷᠡᠭᠴᠡᠭᠡ ᠶᠢᠨ ᠬᠤᠶᠠᠷ ᠲᠠᠯ᠎ᠠ ᠶᠢ | ᠨᠠᠷᠢᠯᠢᠭ ᠣᠨᠣᠴᠠᠲᠠᠶ ᠪᠠᠷ ᠵᠣᠬᠢᠴᠠᠭᠤᠯᠬᠤ ᠶᠢ ᠪᠡᠶᠡᠯᠡᠭᠦᠯᠦᠨ᠂ ᠣᠯᠠᠨ ᠲᠦᠮᠡᠨ ᠢ ᠬᠠᠪᠰᠤᠷᠤᠨ ︽ᠬᠡᠷ ᠤᠨ ᠡᠭᠦᠳᠡ︾ | ᠶᠢᠨ ᠣᠶᠢᠷ᠎ᠠ ᠬᠠᠪᠢ ᠳᠠᠭᠠᠨ ᠠᠵᠢᠯ ᠣᠯᠵᠤ᠂ ᠲᠣᠭᠲᠠᠭᠤᠨ ᠢᠶᠠᠷ ᠠᠵᠢᠯ ᠣᠯᠭᠤᠬᠤ ᠶᠢ ᠪᠡᠶᠡᠯᠡᠭᠦᠯᠬᠦ ᠬᠡᠷᠡᠭᠲᠡᠶ᠃ | ᠵᠠᠰᠠᠭ ᠤᠨ ᠣᠷᠳᠣᠨ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭᠠᠨ ᠤ ᠦᠢᠯᠡᠳᠪᠦᠷᠢᠯᠡᠯ ᠰᠤᠷᠭᠠᠨ | ᠬᠥᠮᠦᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠵᠦ᠂ ᠠᠵᠢᠯ ᠮᠡᠷᠭᠡᠵᠢᠯ ᠤᠨ ᠪᠣᠯᠪᠠᠰᠤᠷᠠᠯ ᠢ ᠲᠤᠭᠤᠷᠢᠭ ᠤᠨ | ᠳᠣᠲᠣᠷᠠᠬᠢ ᠭᠤᠣᠯᠳᠠᠯᠭ᠎ᠠ ᠲᠠᠢ ᠠᠵᠤ ᠠᠬᠤᠶᠢᠯᠠᠯ ᠯᠤᠭ᠎ᠠ ᠨᠢᠭᠲᠠ ᠬᠠᠮᠲᠤᠷᠠᠯᠴᠠᠬᠤ ᠶᠢ ᠠᠬᠢᠭᠤᠯᠵᠤ᠂ ᠠᠵᠢᠯ | ᠣᠯᠭᠤᠯᠲᠠ ᠶᠢᠨ ᠪᠠᠭᠲᠠᠭᠠᠮᠵᠢ ᠶᠢ ᠤᠯᠠᠮ ᠴᠢᠨᠠᠭᠰᠢᠳᠠ ᠲᠣᠭᠲᠠᠪᠤᠷᠢᠵᠢᠭᠤᠯᠤᠨ ᠥᠷᠭᠡᠳᠬᠡᠵᠦ᠂ ᠲᠤᠰᠬᠠᠢ | ᠮᠡᠷᠭᠡᠵᠢᠯ ᠤᠨ ᠪᠠᠶᠢᠷᠢᠯᠠᠭᠤᠯᠤᠯᠲᠠ ᠶᠢ ᠬᠥᠳᠡᠯᠦᠩᠭᠦᠢ ᠪᠠᠷ ᠰᠢᠯᠢᠳᠡᠭᠵᠢᠭᠦᠯᠦᠨ ᠲᠣᠬᠢᠷᠠᠭᠤᠯᠵᠤ᠂ ᠠᠵᠢᠯᠯᠠᠵᠤ | ᠰᠤᠷᠤᠯᠴᠠᠬᠤ ᠶᠢ ᠨᠢᠭᠡ ᠴᠤᠭᠴᠠᠵᠢᠭᠤᠯᠤᠨ ᠤᠷ᠎ᠠ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠵᠦ᠂ ᠠᠵᠤ | ᠦᠢᠯᠡᠰ ᠤᠨ ᠬᠥᠭᠵᠢᠯᠲᠡ ᠪᠣᠯᠤᠨ ᠠᠵᠢᠯ ᠣᠯᠭᠤᠯᠲᠠ ᠶᠢᠨ ᠬᠠᠮᠵᠢᠯᠴᠠᠬᠤ ᠴᠢᠨᠠᠷ ᠢ ᠴᠢᠩᠭᠠᠳᠬᠠᠵᠤ᠂ ᠬᠦᠴᠦ ᠪᠠᠨ | ᠬᠠᠮᠲᠤᠳᠬᠠᠨ ᠤᠳᠠ ᠲᠤᠭᠤᠷᠢᠭ ᠤᠨ ᠠᠵᠢᠯ ᠣᠯᠭᠤᠯᠲᠠ ᠶᠢᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ | ᠬᠡᠷᠡᠭᠲᠡᠢ ᠭᠡᠵᠠᠢ᠃ | |