ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠤᠳᠠ ᠳᠤ ᠬᠦᠷᠴᠦ ᠴᠠᠭᠠᠨ ᠰᠠᠷ᠎ᠠ ᠶᠢᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/2/17
      ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠴᠡᠷᠢᠭ ᠬᠥᠮᠦᠨ ᠤ ᠢᠷᠠᠭᠤ ᠠᠯᠳᠠᠷᠲᠤ ᠰᠡᠳᠬᠢᠯᠭᠡ᠂ ᠬᠠᠷᠢᠶᠠᠯᠠᠭᠳᠠᠬᠤ ᠰᠡᠳᠬᠢᠯᠭᠡ ᠪᠠ ᠵᠣᠯ ᠵᠢᠷᠭᠠᠯᠲᠤ ᠰᠡᠳᠬᠢᠯᠭᠡ ᠶᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠠᠩ ᠢᠦᠶ ᠯᠢᠨ ᠮᠠᠨ ᠤ ᠲᠤᠭᠤᠷᠢᠭ ᠲᠤ ᠬᠦᠷᠴᠦ ᠠᠮᠧᠷᠢᠺᠠ ᠶᠢ ᠡᠰᠡᠷᠭᠦᠴᠡᠵᠦ ᠸᠢᠶᠧᠲᠨᠠᠮ ᠢ ᠲᠤᠰᠠᠯᠠᠭᠰᠠᠨ ᠠᠬᠠᠮᠠᠳ ᠴᠡᠷᠢᠭ᠂ ᠬᠦᠴᠢᠷᠳᠡᠯ ᠲᠠᠢ ᠴᠡᠷᠢᠭ ᠤᠨ ᠠᠯᠪᠠ ᠠᠴᠠ ᠬᠠᠯᠠᠭᠳᠠᠭᠰᠠᠳ ᠪᠠ ᠬᠡᠰᠡᠭ ᠠᠰᠠᠷᠠᠨ ᠬᠠᠷᠠᠭᠠᠯᠵᠠᠬᠤ ᠡᠲᠡᠭᠡᠳ ᠢ ᠪᠣᠯᠭᠤᠭᠠᠨ ᠲᠣᠬᠤᠨᠢᠭᠤᠯᠵᠤ᠂ ᠲᠡᠳᠡᠨ ᠳᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠭᠡᠭᠰᠡᠨ ᠪᠥᠭᠡᠳ ᠴᠠᠭᠠᠨ ᠰᠠᠷ᠎ᠠ ᠶᠢᠨ ᠪᠠᠶᠠᠷ ᠤᠨ ᠡᠳᠦᠷ ᠤᠨ ᠰᠠᠶᠢᠨ ᠰᠠᠶᠢᠬᠠᠨ ᠵᠥᠩᠨᠡᠯ ᠳᠡᠪᠰᠢᠭᠦᠯᠪᠡ᠃      ᠲᠣᠬᠤᠨᠢᠭᠤᠯᠬᠤ ᠶᠠᠪᠤᠴᠠ ᠳᠤ᠂ ᠲᠣᠪᠴᠢᠶᠠᠨ ᠳᠠᠷᠤᠭ᠎ᠠ ᠵᠠᠩ ᠢᠦᠢ ᠯᠢᠨ ᠲᠣᠬᠤᠨᠢᠭᠤᠯᠬᠤ ᠡᠲᠡᠭᠡᠳ ᠤᠨ ᠪᠡᠶ᠎ᠡ ᠮᠠᠬᠠᠪᠣᠳ ᠪᠣᠯᠤᠨ ᠭᠡᠷ ᠪᠦᠯᠢ ᠶᠢᠨ ᠠᠮᠢᠳᠤᠷᠠᠯ ᠤᠨ ᠪᠠᠶᠢᠳᠠᠯ ᠵᠢᠴᠢ ᠠᠮᠢᠳᠤᠷᠠᠯ ᠤᠨ ᠳᠤᠮᠳᠠ ᠲᠤᠯᠭᠠᠷᠠᠭᠰᠠᠨ ᠬᠦᠴᠢᠷᠳᠡᠯ ᠢ ᠨᠠᠷᠢᠨ ᠣᠶᠢᠯᠠᠭᠠᠬᠤ ᠶᠢᠨ ᠬᠠᠮᠲᠤ ᠲᠣᠬᠤᠨᠢᠭᠤᠯᠬᠤ ᠪᠣᠳᠠᠰ ᠵᠢᠴᠢ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠵᠦ᠂ ᠲᠡᠳᠡᠨ ᠢ ᠪᠡᠶ᠎ᠡ ᠪᠠᠨ ᠬᠢᠴᠢᠶᠡᠵᠦ᠂ ᠠᠮᠢᠳᠤᠷᠠᠯ ᠳᠤ ᠢᠳᠡᠪᠬᠢᠲᠡᠢ ᠪᠠᠶᠠᠰᠤᠩᠭᠤᠢ ᠪᠠᠷ ᠬᠠᠨᠳᠤᠬᠤ ᠬᠡᠷᠡᠭᠲᠡᠢ᠂ ᠨᠠᠮ ᠪᠣᠯᠤᠨ ᠵᠠᠰᠠᠭ ᠤᠨ ᠣᠷᠳᠣᠨ ᠴᠠᠭ ᠢᠮᠠᠭᠲᠠ ᠲᠡᠳᠡᠨ ᠤ ᠠᠮᠢᠳᠤᠷᠠᠯ ᠢ ᠬᠠᠯᠠᠮᠵᠢᠯᠠᠵᠤ᠂ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠬᠦᠴᠢᠷ ᠵᠣᠪᠠᠭᠤᠷᠢ ᠶᠢ ᠦᠨᠡᠨ ᠰᠡᠳᠬᠢᠯ ᠠᠴᠠ ᠪᠠᠨ ᠰᠢᠢᠳᠪᠦᠷᠢᠯᠡᠵᠦ ᠥᠭᠬᠦ ᠬᠡᠷᠡᠭᠲᠡᠢ ᠭᠡᠵᠦ ᠵᠠᠬᠢᠪᠠ᠃      ᠲᠣᠰ ᠤᠳᠠᠭᠠᠨ ᠤ ᠴᠠᠭᠠᠨ ᠰᠠᠷ᠎ᠠ ᠶᠢᠨ ᠲᠣᠬᠤᠨᠢᠭᠤᠯᠤᠯ ᠤᠨ ᠠᠵᠢᠯᠯᠠᠭ᠎ᠠ ᠳᠤ᠂ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠨᠠᠷᠢᠨ ᠨᠢᠮᠪᠠᠶ ᠪᠠᠶᠢᠷᠢᠯᠠᠭᠤᠯᠵᠤ᠂ ᠨᠠᠷᠢᠨ ᠨᠢᠮᠪᠠᠶ ᠳᠣᠭᠢᠷᠠᠭᠤᠯᠤᠨ᠂ ᠬᠤᠲᠠ ᠲᠣᠭᠤᠷᠢᠭ ᠬᠤᠶᠠᠷ ᠱᠠᠲᠤᠨ ᠤ ᠤᠳᠤᠷᠢᠳᠤᠯᠭ᠎ᠠ ᠶᠢ ᠵᠣᠬᠢᠶᠠᠨ ᠪᠠᠶᠢᠭᠤᠯᠤᠨ ᠲᠣᠬᠤᠨᠢᠭᠤᠯᠬᠤ ᠡᠲᠡᠭᠡᠳ ᠤᠨ ᠬᠡᠷ ᠲᠤ ᠭᠦᠨᠵᠡᠭᠡᠶᠢᠷᠡᠨ ᠴᠠᠭᠠᠨ ᠰᠠᠷ᠎ᠠ ᠶᠢᠨ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠲᠣᠬᠤᠨᠢᠭᠤᠯᠬᠤ ᠡᠲᠡᠭᠡᠳ ᠲᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠭᠡᠵᠦ᠂ ᠲᠡᠳᠡᠨ ᠤ ᠵᠣᠯ ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠪᠡ᠃ ᠣᠳᠣᠬᠠᠨ ᠪᠣᠯᠲᠠᠯ᠎ᠠ᠂ ᠠᠮᠧᠷᠢᠺᠠ ᠶᠢ ᠡᠰᠡᠷᠭᠦᠴᠡᠨ ᠰᠣᠯᠣᠩᠭᠤᠰ ᠢ ᠲᠤᠰᠠᠯᠠᠬᠤ᠂ ᠠᠮᠧᠷᠢᠺᠠ ᠶᠢ ᠡᠰᠡᠷᠭᠦᠴᠡᠨ ᠸᠢᠶᠧᠲᠨᠠᠮ ᠢ ᠲᠤᠰᠠᠯᠠᠬᠤ ᠠᠬᠠᠮᠠᠳ ᠴᠡᠷᠢᠭ᠂ ᠠᠮᠢᠳᠤᠷᠠᠯ ᠨᠢ ᠬᠦᠴᠢᠷᠳᠡᠯᠲᠡᠢ ᠴᠡᠷᠢᠭ ᠠᠴᠠ ᠬᠠᠯᠠᠭᠳᠠᠭᠰᠠᠳ᠂ ᠬᠡᠰᠡᠭ ᠠᠰᠠᠷᠠᠨ ᠬᠠᠷᠠᠭᠠᠯᠵᠠᠬᠤ ᠡᠲᠡᠭᠡᠳ ᠢ 130 ᠭᠠᠷᠤᠢ ᠲᠣᠬᠤᠨᠢᠭᠤᠯᠪᠠ᠃      ᠲᠣᠰ ᠤᠳᠠᠭᠠᠨ ᠤ ᠲᠣᠬᠤᠨᠢᠭᠤᠯᠬᠤ ᠠᠵᠢᠯᠯᠠᠭ᠎ᠠ ᠨᠢ ᠴᠡᠷᠢᠭ ᠠᠴᠠ ᠬᠠᠯᠠᠭᠳᠠᠭᠰᠠᠳ ᠲᠠᠢ ᠨᠢᠭᠤᠷᠲᠠᠨ ᠶᠠᠷᠢᠯᠴᠠᠵᠤ᠂ ᠰᠡᠳᠬᠢᠯ ᠤᠨ ᠦᠢᠯᠡᠴᠢᠯᠡᠭᠡ ᠪᠠᠷ ᠳᠠᠮᠵᠢᠭᠤᠯᠤᠨ᠂ ᠴᠡᠷᠢᠭ ᠠᠴᠠ ᠬᠠᠯᠠᠭᠳᠠᠭᠰᠠᠳ ᠤᠨ ᠬᠤᠭᠤᠷᠣᠨᠳᠣᠬᠢ ᠨᠥᠬᠦᠷᠯᠡᠯ ᠢ ᠨᠡᠮᠡᠭᠳᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠴᠡᠷᠢᠭ ᠢ ᠬᠦᠨᠳᠦᠳᠬᠡᠬᠦ᠂ ᠴᠡᠷᠢᠭ ᠠᠴᠠ ᠬᠠᠯᠠᠭᠳᠠᠭᠰᠠᠳ ᠢ ᠬᠠᠯᠠᠮᠵᠢᠯᠠᠨ ᠬᠠᠶᠢᠷᠠᠯᠠᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠶ ᠪᠣᠯᠭᠠᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠲᠤᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠪᠠ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠡᠳᠬᠢᠯ ᠳᠡᠯᠪᠢᠨ ᠬᠦᠴᠦ ᠣᠷᠣᠭᠤᠯᠤᠨ ᠰᠠᠶᠢᠲᠤᠷ ᠬᠢᠵᠦ᠂ ᠤᠳᠠ ᠲᠣᠭᠤᠷᠢᠭ ᠤᠨ ᠴᠡᠷᠢᠭ ᠢᠶᠠᠨ ᠬᠦᠷᠢᠶᠡᠯᠡᠨ ᠴᠡᠷᠢᠭ ᠤᠨ ᠬᠡᠷ ᠪᠦᠯᠢ ᠶᠢ ᠬᠠᠷᠠᠭᠠᠯᠵᠠᠬᠤ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠦᠨ᠎ᠡ᠃
   19.jpg
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号