ᠶᠠᠨ ᠸᠧᠨ ᠯᠦᠩ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2025/2/18
      2 ᠰᠠᠷ᠎ᠠ ᠶᠢᠨ 17 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ ᠠᠭᠤᠷᠬᠠᠢ ᠶᠢᠨ ᠣᠷᠣᠨ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ ᠬᠦᠷᠴᠦ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ᠃ ᠲᠣᠭᠤᠷᠢᠭ ᠤᠨ ᠤᠳᠤᠷᠢᠳᠤᠯᠭ᠎ᠠ ᠰᠢᠤᠢ ᠢ ᠱᠦ᠂ ᠬᠠᠨ ᡁᠢ ᠯᠢᠨ᠂ ᠯᠢᠦ ᠮᠧᠩ ᠣᠷᠣᠯᠴᠠᠪᠠ᠃
8.png     
      ᠶᠠᠨ ᠸᠧᠨ ᠯᠦᠩ ᠤᠷᠢᠳ ᠬᠤᠵᠢᠳ ᠠᠭᠤᠷᠬᠠᠢ ᠶᠢᠨ ᠣᠷᠣᠨ᠂ ᠪᠧᠢ ᠵᠢᠶᠧ ᠲᠧ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ ᠶᠢᠩ ᠯᠠᠢ ᠰᠢᠨ᠎ᠡ ᠮᠠᠲ᠋ᠧᠷᠢᠶᠠᠯ ᠵᠡᠷᠭᠡ ᠭᠠᠵᠠᠷ ᠲᠤ ᠬᠦᠷᠴᠦ᠂ ᠪᠠᠷᠢᠯᠭ᠎ᠠ ᠶᠢᠨ ᠬᠤᠭ ᠨᠣᠪᠰᠢ ᠶᠢ ᠴᠡᠪᠡᠷᠯᠡᠬᠦ᠂ ᠠᠭᠤᠷᠬᠠᠢ ᠶᠢᠨ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠵᠠᠰᠠᠬᠤ᠂ ᠬᠠᠶᠠᠭᠳᠠᠮᠠᠯ ᠤᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠵᠡᠷᠭᠡ ᠠᠵᠢᠯ ᠤᠨ ᠠᠬᠢᠴᠠ ᠶᠢᠨ ᠪᠠᠶᠢᠳᠠᠯ ᠢ ᠲᠤᠬᠠᠢ ᠶᠢᠨ ᠲᠠᠯᠠᠪᠠᠢ ᠳᠤ ᠪᠠᠶᠢᠴᠠᠭᠠᠨ ᠦᠵᠡᠭᠰᠡᠨ ᠪᠥᠭᠡᠳ ᠠᠵᠢᠯ ᠤᠨ ᠱᠠᠭᠠᠷᠳᠠᠯᠭ᠎ᠠ ᠳᠤᠷᠠᠳᠴᠠᠢ᠃ ᠲᠡᠷᠡ ᠬᠡᠯᠡᠭᠰᠡᠨ ᠨᠢ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠴᠤ ᠦᠷᠭᠦᠯᠵᠢᠯᠡᠨ ︽ᠬᠠᠰᠤᠬᠤ ᠠᠷᠭ᠎ᠠ︾ ᠶᠢ ᠪᠠᠷᠢᠮᠲᠠᠯᠠᠵᠤ᠂ ᠪᠠᠷᠢᠯᠭ᠎ᠠ ᠶᠢᠨ ᠬᠤᠭ ᠨᠣᠪᠰᠢ ᠶᠢ ᠰᠢᠯᠵᠢᠭᠦᠯᠦᠨ ᠲᠡᠭᠡᠭᠡᠪᠦᠷᠢᠯᠡᠬᠦ᠂ ᠰᠢᠩᠭᠡᠭᠡᠬᠦ ᠪᠠ ᠡᠬᠢ ᠪᠠᠶᠠᠯᠢᠭᠵᠢᠭᠤᠯᠤᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠤᠨᠠᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠶᠢᠨ ᠬᠠᠮᠲᠤ ᠬᠤᠳᠠ ᠶᠢᠨ ᠰᠢᠨᠡᠴᠢᠯᠡᠯᠲᠡ ᠪᠠ ᠠᠵᠤ ᠦᠢᠯᠡᠰ ᠤᠨ ᠬᠥᠭᠵᠢᠯᠲᠡ ᠲᠠᠢ ᠤᠶᠠᠯᠳᠤᠭᠤᠯᠤᠨ ᠨᠤᠷᠠᠭᠠᠭᠰᠠᠨ ᠤ ᠳᠠᠷᠠᠭᠠᠬᠢ ᠭᠠᠵᠠᠷ ᠰᠢᠷᠣᠢ ᠶᠢᠨ ᠡᠬᠢ ᠪᠠᠶᠠᠯᠢᠭ ᠢ ᠠᠮᠢᠳᠤᠯᠢᠭᠵᠢᠭᠤᠯᠤᠨ ᠠᠰᠢᠭᠯᠠᠬᠤ ᠶᠢ ᠰᠠᠶᠢᠲᠤᠷ ᠲᠥᠯᠥᠪᠵᠢᠭᠦᠯᠵᠦ᠂ ᠭᠠᠵᠠᠷ ᠰᠢᠷᠣᠢ ᠶᠢᠨ ᠣᠷᠣᠨ ᠵᠠᠢ ᠶᠢᠨ ᠬᠠᠩᠭᠠᠯᠭ᠎ᠠ ᠶᠢᠨ ᠠᠷᠭ᠎ᠠ ᠵᠠᠮ ᠢ ᠴᠢᠨᠠᠭᠰᠢᠳᠠ ᠥᠷᠭᠡᠳᠬᠡᠵᠦ᠂ ᠣᠷᠣᠨ ᠪᠦᠰᠡ ᠶᠢᠨ ᠬᠥᠭᠵᠢᠯᠲᠡ ᠳᠤ ᠲᠠᠰᠤᠷᠠᠯᠲᠠ ᠦᠭᠡᠢ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠢ᠃ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠ ᠲᠣᠭᠤᠷᠢᠨ ᠪᠠᠶᠢᠴᠠᠭᠠᠵᠤ ᠬᠢᠨᠠᠨ ᠬᠡᠮᠵᠢᠬᠦ ᠤᠳᠠᠭ᠎ᠠ ᠪᠠᠨ ᠨᠡᠮᠡᠭᠳᠡᠭᠦᠯᠵᠦ᠂ ᠭᠠᠯ ᠤᠨ ᠴᠡᠭ ᠢ ᠣᠯᠵᠤ ᠮᠡᠳᠡᠪᠡᠯ ᠴᠠᠭ ᠲᠤᠬᠠᠢ ᠳᠤᠨᠢ ᠵᠠᠰᠠᠵᠤ᠂ ᠠᠭᠤᠷᠬᠠᠢ ᠶᠢᠨ ᠣᠷᠣᠨ ᠤ ᠭᠠᠯ ᠤᠨ ᠴᠡᠭ ᠢ ᠬᠥᠳᠡᠯᠦᠩᠭᠦᠢ ᠪᠠᠷ ᠦᠭᠡᠢ ᠪᠣᠯᠭᠠᠬᠤ ᠶᠢ ᠪᠡᠶᠡᠯᠡᠭᠦᠯᠵᠦ᠂ ᠠᠭᠤᠷᠬᠠᠢ ᠶᠢᠨ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠬᠡᠷᠡᠭᠲᠡᠢ᠃ ᠤᠰᠤ ᠠᠷᠪᠢᠯᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠪᠣᠬᠢᠷ ᠤᠰᠤ ᠶᠢ ᠰᠢᠢᠳᠪᠦᠷᠢᠯᠡᠬᠦ ᠲᠥᠬᠦᠭᠡᠷᠦᠮᠵᠢ ᠶᠢ ᠥᠭᠡᠷᠡᠴᠢᠯᠡᠨ ᠳᠡᠭᠡᠭᠰᠢᠯᠡᠭᠦᠯᠬᠦ ᠶᠢ ᠲᠦᠷᠭᠡᠳᠬᠡᠨ ᠠᠬᠢᠭᠤᠯᠵᠤ᠂ ᠪᠣᠬᠢᠷ ᠤᠰᠤ ᠶᠢ ᠰᠢᠢᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠰᠤ ᠭᠠᠷᠬᠤ ᠶᠢ ᠲᠣᠭᠲᠠᠭᠤᠨ ᠢᠶᠠᠷ ᠪᠠᠷᠢᠮᠵᠢᠶ᠎ᠠ ᠳᠤ ᠬᠦᠷᠭᠡᠵᠦ ᠭᠠᠳᠠᠭᠰᠢᠯᠠᠭᠤᠯᠬᠤ ᠶᠢ ᠦᠨᠡᠨᠬᠦ ᠪᠠᠲᠤᠯᠠᠵᠤ᠂ ᠠᠵᠤ ᠠᠬᠤᠶᠢᠯᠠᠯ ᠪᠣᠯᠤᠨ ᠬᠦᠷᠢᠶᠡᠯᠡᠩ ᠲᠣᠭᠤᠷᠢᠭ ᠤᠨ ᠬᠠᠶᠠᠭᠳᠠᠮᠠᠯ ᠤᠰᠤ ᠶᠢ ᠡᠷᠭᠢᠯᠳᠦᠭᠦᠯᠦᠨ ᠠᠰᠢᠭᠯᠠᠬᠤ ᠶᠢ ᠠᠬᠢᠭᠤᠯᠬᠤ ᠬᠡᠷᠡᠭᠲᠡᠶ᠃ ᠰᠢᠨᠵᠢᠯᠡᠬᠦ ᠤᠬᠠᠭᠠᠨᠴᠢ ᠪᠠᠷ ᠪᠣᠬᠢᠷᠲᠤᠯ ᠢ ᠵᠠᠰᠠᠬᠤ᠂ ᠤᠨᠢᠨ ᠳᠡᠭᠡᠷ᠎ᠡ ᠨᠢ ᠵᠠᠰᠠᠬᠤ ᠶᠢ ᠪᠠᠷᠢᠮᠲᠠᠯᠠᠵᠤ᠂ ᠠᠵᠤ ᠠᠬᠤᠶᠢᠯᠠᠯ ᠢ ᠬᠠᠪᠰᠤᠷᠤᠨ ᠠᠷᠭ᠎ᠠ ᠪᠤᠳᠤᠵᠤ᠂ ᠬᠠᠶᠠᠭᠳᠠᠮᠠᠯ ᠬᠡᠢ ᠶᠢ ᠴᠤᠭᠯᠠᠭᠤᠯᠬᠤ᠂ ᠡᠬᠢ ᠡᠭᠦᠰᠦᠯ ᠢ ᠨᠢ ᠰᠢᠢᠳᠪᠦᠷᠢᠯᠡᠵᠦ ᠵᠢᠭᠰᠠᠭᠠᠨ ᠪᠠᠶᠢᠴᠠᠭᠠᠬᠤ ᠶᠢ ᠭᠦᠨᠵᠡᠭᠡᠢ ᠥᠷᠨᠢᠭᠦᠯᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠤᠨᠤᠭ ᠲᠥᠬᠦᠭᠡᠷᠦᠮᠵᠢ ᠶᠢ ᠴᠢᠨᠠᠭᠰᠢᠳᠠ ᠰᠠᠶᠢᠵᠢᠷᠠᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠲᠥᠬᠦᠭᠡᠷᠦᠮᠵᠢ ᠶᠢᠨ ᠬᠡᠪ ᠤᠨ ᠠᠵᠢᠯᠯᠠᠭ᠎ᠠ᠂ ᠬᠠᠶᠠᠭᠳᠠᠮᠠᠯ ᠬᠡᠢ ᠶᠢ ᠪᠠᠷᠢᠮᠵᠢᠶ᠎ᠠ ᠳᠤ ᠬᠦᠷᠭᠡᠵᠦ ᠭᠠᠳᠠᠭᠰᠢᠯᠠᠭᠤᠯᠬᠤ ᠶᠢ ᠪᠠᠲᠤᠯᠠᠬᠤ ᠬᠡᠷᠡᠭᠲᠡᠢ᠃ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠨᠡᠩ ᠥᠨᠳᠥᠷ ᠪᠠᠷᠢᠮᠵᠢᠶ᠎ᠠ ᠨᠡᠩ ᠥᠨᠳᠥᠷ ᠱᠠᠭᠠᠷᠳᠠᠯᠭ᠎ᠠ ᠪᠠᠷ ᠬᠦᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠵᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠯ᠎ᠡ ᠲᠦᠷᠦᠯ ᠤᠨ ᠠᠰᠠᠭᠤᠳᠠᠯ ᠢ ᠦᠨᠡᠨᠬᠦ ᠰᠠᠶᠢᠵᠢᠷᠠᠭᠤᠯᠵᠤ ᠪᠣᠳᠠᠲᠠᠢ ᠰᠠᠶᠢᠵᠢᠷᠠᠭᠤᠯᠵᠤ᠂ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠦᠢᠯᠡᠳᠦᠯᠭᠡᠵᠢᠭᠦᠯᠬᠦ ᠬᠡᠷᠡᠭᠲᠡᠢ ᠭᠡᠵᠠᠢ᠃   
 
ᠢᠷᠡᠯᠲᠡ᠄ ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号