ᠦᠬᠠᠢ ᠠᠯᠠᠱᠠ ᠠᠶᠢᠮᠠᠭ ᠤᠨ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠰᠣᠯᠢᠯᠴᠠᠭ᠎ᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠠᠷᠢᠯᠴᠠᠬᠤ ᠬᠤᠷᠠᠯ ᠤᠳᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2025/2/18
      2 ᠰᠠᠷ᠎ᠠ ᠶᠢᠨ 17 ᠤ ᠡᠳᠦᠷ᠂ ᠦᠬᠠᠢ ᠠᠯᠠᠱᠠ ᠠᠶᠢᠮᠠᠭ ᠤᠨ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭ᠎ᠠ ᠰᠣᠯᠢᠯᠴᠠᠭ᠎ᠠ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠠᠷᠢᠯᠴᠠᠬᠤ ᠬᠤᠷᠠᠯ ᠤᠳᠠ ᠲᠤᠭᠤᠷᠢᠭ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ ᠬᠤᠷᠠᠯᠳᠤᠪᠠ᠃ ᠤᠳᠠ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠠᠮ ᠤᠨ ᠠᠵᠢᠯ ᠤᠨ ᠬᠤᠷᠢᠶᠠᠨ ᠤ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠯᠢᠦ ᠵᠢᠶᠠᠨ ᠵᠢᠶᠦ᠋ᠨ᠂ ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠠᠮ ᠤᠨ ᠠᠵᠢᠯ ᠤᠨ ᠬᠤᠷᠢᠶᠠᠨ ᠤ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠲᠢᠶᠠᠨ ᠰᠢᠤᠸᠠᠢ ᠮᠢᠩ ᠵᠡᠷᠭᠡ ᠬᠠᠮᠢᠶ᠎ᠠ ᠪᠦᠬᠦᠢ ᠤᠳᠤᠷᠢᠳᠤᠯᠭ᠎ᠠ ᠣᠷᠣᠯᠴᠠᠪᠠ᠃
9.jpg     
      ᠬᠤᠷᠠᠯ ᠠᠴᠠ ᠡᠮᠦᠨ᠎ᠡ᠂ ᠠᠯᠠᠱᠠ ᠳᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ ᠤᠨ ᠨᠡᠭᠡᠭᠡᠯᠳᠡ ᠶᠢᠨ ᠣᠷᠣᠨ ᠤ ᠲᠥᠯᠥᠭᠡᠯᠡᠭᠴᠢᠳ ᠤᠨ ᠪᠦᠯᠬᠦᠮ ᠤᠷᠢᠳ ᠬᠤᠵᠢᠳ ᠢ ᠬᠤᠸᠠ᠂ ᠰᠢᠩ ᠹᠠ᠂ ᠵᠢᠶᠦ᠋ᠨ ᠵᠧᠩ᠂ ᠳ᠋ᠦᠩ ᠵᠢᠩ ᠠᠮᠢᠳᠤ ᠪᠣᠳᠠᠰ ᠵᠡᠷᠭᠡ ᠭᠤᠣᠯᠳᠠᠯᠭ᠎ᠠ ᠲᠠᠢ ᠠᠵᠤ ᠠᠬᠤᠶᠢᠯᠠᠯ ᠳᠤ ᠬᠦᠷᠴᠦ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠵᠠᠬ᠎ᠠ ᠳᠡᠯᠭᠡᠭᠦᠷ ᠢ ᠥᠷᠭᠡᠳᠬᠡᠬᠦ ᠵᠡᠷᠭᠡ ᠲᠠᠯ᠎ᠠ ᠶᠢᠨ ᠪᠠᠶᠢᠳᠠᠯ ᠢ ᠤᠢᠢᠯᠠᠭᠠᠭᠰᠠᠨ ᠪᠥᠭᠡᠳ ᠠᠵᠤ ᠦᠢᠯᠡᠰ ᠤᠨ ᠬᠠᠮᠵᠢᠯᠴᠠᠭ᠎ᠠ᠂ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠪᠣᠬᠢᠷᠲᠤᠯ ᠦᠭᠡᠢ ᠬᠥᠭᠵᠢᠯᠲᠡ ᠵᠡᠷᠭᠡ ᠲᠠᠯ᠎ᠠ ᠪᠠᠷ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠠᠢ᠃ ᠳᠠᠷᠠᠭ᠎ᠠ ᠨᠢ᠂ ᠬᠤᠶᠠᠷ ᠲᠠᠯ᠎ᠠ ᠪᠠᠷ ᠢᠶᠠᠨ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠠᠵᠤ ᠦᠢᠯᠡᠰ ᠤᠨ ᠬᠠᠮᠵᠢᠯᠴᠠᠨ ᠬᠠᠮᠲᠤᠷᠠᠯᠴᠠᠬᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠵᠡᠷᠭᠡ ᠠᠭᠤᠯᠭ᠎ᠠ ᠶᠢᠨ ᠲᠣᠭᠤᠷᠢᠨ ᠳᠤ ᠶᠠᠷᠢᠯᠴᠠᠨ ᠰᠣᠯᠢᠯᠴᠠᠪᠠ᠃
10.jpg     
      ᠬᠤᠶᠠᠷ ᠲᠠᠯ᠎ᠠ ᠪᠠᠷ ᠢᠶᠠᠨ ︽ᠵᠢᠷᠭᠤᠭᠠᠨ ᠠᠵᠢᠯᠯᠠᠭ᠎ᠠ︾ ᠪᠠᠷ ᠭᠠᠷᠳᠠᠴᠠ ᠪᠣᠯᠭᠠᠵᠤ᠂ ᠣᠷᠣᠨ ᠪᠦᠰᠡ ᠶᠢᠨ ᠵᠦᠷᠢᠶᠡᠴᠢᠯᠡᠭᠰᠡᠨ ᠵᠣᠬᠢᠴᠠᠩᠭᠤᠢ ᠬᠥᠭᠵᠢᠯᠲᠡ ᠶᠢ ᠨᠠᠶᠢᠳᠠᠪᠤᠷᠢᠵᠢᠭᠤᠯᠬᠤ ᠶᠢ ᠭᠦᠨᠵᠡᠭᠡᠢ ᠠᠬᠢᠭᠤᠯᠵᠤ᠂ ᠤᠳᠠ ᠲᠤᠭᠤᠷᠢᠭ ᠪᠣᠯᠤᠨ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠣᠷᠣᠨ ᠪᠦᠰᠡ ᠶᠢᠨ ᠬᠠᠮᠲᠤᠷᠠᠯᠴᠠᠭ᠎ᠠ ᠶᠢᠨ ᠵᠣᠬᠢᠴᠠᠩᠭᠤᠢ ᠬᠤᠯᠪᠣᠯᠳᠤᠯ ᠢ ᠴᠢᠨᠠᠭᠰᠢᠳᠠ ᠭᠦᠨᠵᠡᠭᠡᠶᠢᠷᠡᠭᠦᠯᠵᠦ᠂ ᠠᠵᠤ ᠦᠢᠯᠡᠰ ᠤᠨ ᠬᠥᠭᠵᠢᠯᠲᠡ ᠶᠢᠨ ᠬᠠᠷᠢᠯᠴᠠᠨ ᠨᠥᠬᠦᠪᠥᠷᠢᠯᠡᠵᠦ ᠬᠤᠯᠪᠣᠯᠳᠤᠬᠤ᠂ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ᠂ ᠠᠮᠢ ᠠᠬᠤᠢ ᠶᠢᠨ ᠣᠷᠴᠢᠨ ᠲᠣᠭᠤᠷᠢᠨ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠪᠣᠬᠢᠷᠲᠤᠯ ᠦᠭᠡᠢ ᠡᠨᠧᠷᠭᠢ ᠶᠢ ᠲᠤᠬᠠᠢ ᠶᠢᠨ ᠭᠠᠵᠠᠷ ᠲᠤᠨᠢ ᠰᠢᠩᠭᠡᠭᠡᠬᠦ᠂ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠬᠠᠮᠲᠤᠪᠠᠷ ᠡᠳ᠋ᠯᠡᠵᠦ ᠨᠡᠭᠡᠭᠡᠨ ᠬᠥᠭᠵᠢᠭᠦᠯᠬᠦ᠂ ᠤᠯᠠᠨ ᠨᠡᠶᠢᠲᠡ ᠶᠢᠨ ᠦᠢᠯᠡᠴᠢᠯᠡᠭᠡ ᠶᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠵᠡᠷᠭᠡ ᠲᠠᠯ᠎ᠠ ᠪᠠᠷ ᠨᠢᠭᠡ ᠪᠦᠯᠦᠭ ᠴᠢᠬᠤᠯᠠ ᠶᠡᠭᠡ ᠬᠠᠮᠲᠤᠷᠠᠯᠴᠠᠭᠠᠨ ᠤ ᠲᠦᠷᠦᠯ ᠵᠦᠢᠯ ᠢ ᠱᠠᠯᠠᠪᠳᠠᠨ ᠬᠡᠷᠡᠭᠵᠢᠭᠦᠯᠵᠦ᠂ ᠨᠡᠩ ᠤᠯᠠᠨ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠢ ᠲᠦᠷᠭᠡᠨ ᠪᠦᠷᠢᠯᠳᠦᠭᠦᠯᠵᠦ᠂ ᠬᠤᠶᠠᠷ ᠭᠠᠵᠠᠷ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠬᠠᠮᠲᠤᠪᠠᠷ ᠪᠢᠴᠢᠭᠯᠡᠨ᠎ᠡ ᠭᠡᠵᠦ ᠰᠠᠨᠠᠯ ᠨᠢᠭᠡᠲᠡᠢ ᠦᠵᠡᠪᠡ᠃   
 
ᠢᠷᠡᠯᠲᠡ᠄ ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号