2 ᠰᠠᠷ᠎ᠠ ᠶᠢᠨ 18 ᠤ ᠡᠳᠦᠷ᠂ ᠤᠳᠠ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ | ᠪᠠᠶᠢᠩᠭᠤ ᠶᠢᠨ ᠬᠤᠷᠢᠶᠠᠨ ᠤ 151 ᠳ᠋ᠤᠭᠡᠷ ᠤᠳᠠᠭᠠᠨ ᠤ ᠬᠤᠷᠠᠯ ᠬᠤᠷᠠᠯᠳᠤᠵᠤ᠂ ᠶᠡᠷᠦᠩᠬᠡᠶ ᠱᠦᠵᠢ ᠰᠢ ᠶᠢᠨ | ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ᠂ ᠴᠢᠬᠤᠯᠠ ᠵᠣᠬᠢᠶᠠᠯ ᠤᠨ ᠵᠣᠷᠢᠭ | ᠰᠠᠨᠠᠭ᠎ᠠ ᠪᠣᠯᠤᠨ ᠲᠥᠪ ᠬᠤᠷᠢᠶ᠎ᠠ ᠵᠢᠴᠢ ᠥᠪᠡᠷᠲᠡᠭᠡᠨ ᠵᠠᠰᠠᠬᠤ ᠣᠷᠣᠨ ᠤ ᠴᠢᠬᠤᠯᠠ ᠪᠢᠴᠢᠭ ᠮᠠᠲ᠋ᠧᠷᠢᠶᠠᠯ᠂ ᠴᠢᠬᠤᠯᠠ | ᠬᠤᠷᠠᠯ ᠤᠨ ᠵᠣᠷᠢᠭ ᠰᠠᠨᠠᠭ᠎ᠠ ᠵᠡᠷᠭᠡ ᠶᠢ ᠤᠯᠠᠮᠵᠢᠯᠠᠨ ᠰᠤᠷᠤᠯᠴᠠᠵᠤ᠂ ᠮᠠᠨ ᠤ ᠲᠤᠭᠤᠷᠢᠭ ᠤᠨ ᠲᠤᠤᠱᠯᠠᠭᠤᠯᠤᠨ | ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ | ᠸᠧᠨ ᠯᠦᠩ ᠬᠤᠷᠠᠯ ᠢ ᠡᠷᠭᠢᠯᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠲᠤᠭᠤᠷᠢᠭ ᠤᠨ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ | ᠱᠦᠵᠢ ᠰᠢ ᠶᠢᠨ ᠫᠢᠩ ᠤᠨ ᠬᠢᠷᠢᠨ ᠮᠤᠵᠢ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠵᠢᠯ ᠤᠨ ᠬᠠᠷᠢᠭᠤ | ᠮᠡᠳᠡᠭᠦᠯᠦᠯᠲᠡ ᠪᠣᠯᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠤ ᠣᠷᠣᠯᠴᠠᠭᠰᠠᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠥᠭᠡᠷᠡᠴᠢᠯᠡᠯᠲᠡ ᠨᠡᠭᠡᠭᠡᠯᠳᠠ ᠶᠢ | ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠤᠳᠠ ᠲᠤᠭᠤᠷᠢᠭ ᠤᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠦᠭᠵᠢᠷᠡᠯ ᠴᠡᠭ᠂ ᠠᠷᠠᠳ ᠤᠨ ᠠᠮᠢᠳᠤᠷᠠᠯ ᠤᠨ | ᠬᠦᠷᠢᠶᠡᠨ ᠤ ᠬᠦᠴᠢᠷ ᠠᠰᠠᠭᠤᠳᠠᠯ ᠵᠡᠷᠭᠡ ᠭᠤᠣᠯᠳᠠᠯᠭ᠎ᠠ ᠲᠠᠢ ᠬᠦᠷᠢᠶ᠎ᠡ ᠪᠣᠯᠤᠨ ᠵᠠᠩᠭᠢᠯᠠᠭ᠎ᠠ ᠶᠢᠨ ᠭᠤᠭᠴᠤᠭ᠎ᠠ ᠶᠢᠨ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠬᠡᠷᠡᠭᠲᠡᠢ᠃ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠦᠨᠡᠨ ᠰᠡᠳᠬᠢᠯ ᠠᠴᠠ ᠪᠠᠨ ᠳᠡᠮᠵᠢᠵᠦ᠂ | ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠤᠨ᠂ | ᠠᠷᠭ᠎ᠠ ᠪᠦᠬᠦᠨ ᠢ ᠰᠦᠪᠡᠭᠴᠢᠯᠡᠨ ᠠᠰᠠᠭᠤᠳᠠᠯ ᠢ ᠰᠢᠢᠳᠪᠦᠷᠢᠯᠡᠵᠦ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ | ᠳᠡᠯᠡᠬᠡᠶᠢᠴᠢᠯᠡᠭᠰᠡᠨ ᠲᠡᠷᠢᠭᠦᠨ ᠤ ᠡᠵᠡᠩᠨᠡᠯᠲᠡ ᠶᠢᠨ ᠣᠷᠴᠢᠨ ᠲᠣᠭᠤᠷᠢᠨ ᠢ ᠬᠦᠴᠦᠯᠡᠨ ᠪᠤᠢ ᠪᠣᠯᠭᠠᠵᠤ᠂ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢ ᠡᠷᠬᠡ ᠲᠡᠭᠰᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠳᠤ | ᠢᠳᠡᠷᠡᠭᠦᠨ ᠢᠶᠠᠷ ᠦᠰᠦᠨ ᠪᠤᠶᠢᠵᠢᠭᠤᠯᠵᠤ᠂ ᠨᠡᠩ ᠤᠯᠠᠨ ᠰᠢᠯᠢᠳᠡᠭ ᠠᠵᠤ ᠠᠬᠤᠶᠢᠯᠠᠯ ᠢ ᠤᠳᠠ ᠲᠣᠭᠤᠷᠢᠭ ᠲᠤ | ᠨᠤᠲᠤᠭᠰᠢᠭᠤᠯᠬᠤ ᠬᠡᠷᠡᠭᠲᠡᠢ ᠭᠡᠵᠠᠢ᠃ | ᠬᠤᠷᠠᠯ ᠠᠴᠠ ᠪᠦᠬᠦ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠠᠵᠢᠯ ᠪᠣᠯᠤᠨ ᠵᠠᠬᠢᠳᠠᠯ | ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠬᠠᠪᠤᠷ ᠤᠨ ᠤᠯᠠᠷᠢᠯ ᠤᠨ ᠭᠠᠯ ᠢ ᠰᠡᠷᠭᠡᠶᠢᠯᠡᠬᠦ᠂ ᠵᠠᠮ ᠬᠠᠷᠢᠯᠴᠠᠭ᠎ᠠ᠂ ᠰᠢᠲᠠᠮᠠᠬᠠᠢ ᠬᠡᠢ ᠶᠢ ᠭᠠᠯ ᠤᠨᠲᠠᠷᠠᠭᠠᠬᠤ᠂ ᠬᠠᠳᠤᠨ | ᠭᠤᠣᠯ ᠤᠨ ᠰᠦᠩ ᠬᠠᠯᠢᠶ᠎ᠠ ᠶᠢ ᠰᠡᠷᠭᠡᠶᠢᠯᠡᠬᠦ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ | ᠲᠥᠪᠯᠡᠷᠡᠭᠦᠯᠵᠦ᠂ ᠪᠠᠭᠤᠷᠠᠢ ᠭᠤᠭᠴᠤᠭ᠎ᠠ ᠪᠣᠯᠤᠨ ᠳᠤᠪᠤᠶᠢᠮ᠎ᠠ ᠠᠰᠠᠭᠤᠳᠠᠯ ᠢ ᠨᠠᠷᠢᠨ ᠬᠢᠨᠠᠮᠠᠭᠠᠢ ᠪᠠᠶᠢᠴᠠᠭᠠᠨ ᠡᠮᠬᠢᠯᠡᠵᠦ᠂ | ᠡᠷᠲᠡ ᠠᠴᠠ ᠠᠳᠬᠤᠨ ᠪᠠᠭ᠎ᠠ ᠠᠴᠠ ᠨᠢ ᠠᠳᠬᠤᠨ ᠴᠤᠬᠤᠶᠢᠯᠲᠠ ᠶᠢ ᠠᠳᠬᠤᠵᠤ᠂ ᠬᠠᠨᠳᠤᠯᠭᠠᠲᠤ ᠴᠢᠨᠠᠷᠲᠠᠢ | ᠰᠡᠷᠭᠡᠶᠢᠯᠡᠬᠦ ᠠᠷᠭ᠎ᠠ ᠬᠡᠮᠵᠢᠶ᠎ᠡ ᠲᠣᠭᠲᠠᠭᠠᠵᠤ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠲᠣᠣᠷ ᠢ ᠨᠢᠭᠲᠠ | ᠪᠥᠭᠡᠳ ᠪᠠᠲᠤ ᠰᠦᠯᠵᠢᠬᠦ ᠬᠡᠷᠡᠭᠲᠡᠢ᠃ ᠠᠶᠤᠯ ᠲᠦᠭᠰᠢᠭᠦᠷᠢ ᠶᠢ ᠰᠤᠳᠤᠯᠤᠨ ᠮᠠᠭᠠᠳᠯᠠᠬᠤ ᠪᠠᠨ ᠴᠢᠩᠭᠠᠳᠬᠠᠵᠤ᠂ | ᠨᠡᠶᠢᠭᠡᠮ ᠤᠨ ᠵᠥᠷᠢᠴᠡᠯ ᠵᠢᠭᠤᠷᠠᠯᠳᠤᠭᠠᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠪᠥᠬᠦ | ᠲᠠᠯ᠎ᠠ ᠪᠠᠷ ᠵᠢᠭᠰᠠᠭᠠᠨ ᠪᠠᠶᠢᠴᠠᠭᠠᠵᠤ᠂ ᠨᠠᠷᠢᠨ ᠨᠢᠮᠪᠠᠢ ᠰᠠᠶᠢᠲᠤᠷ ᠬᠢᠵᠦ᠂ ᠭᠤᠣᠯᠳᠠᠯᠭ᠎ᠠ ᠲᠠᠢ ᠬᠥᠮᠥᠰ᠂ | ᠭᠤᠣᠯᠳᠠᠯᠭ᠎ᠠ ᠲᠠᠢ ᠬᠥᠮᠥᠰ ᠢ ᠬᠥᠲᠥᠯᠥᠨ ᠵᠢᠯᠤᠭᠤᠳᠴᠤ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠪᠠᠴᠢᠮ | ᠪᠠᠶᠢᠳᠠᠯ ᠢ ᠠᠷᠭᠠᠴᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠪᠠ ᠠᠮᠤᠷ ᠲᠦᠪᠰᠢᠨ ᠲᠣᠭᠲᠠᠭᠤᠨ ᠢᠶᠠᠷ | ᠡᠵᠡᠮᠳᠡᠬᠦ ᠶᠢ ᠬᠠᠤᠯᠢ ᠲᠣᠭᠲᠠᠭᠠᠯ ᠶᠣᠰᠣᠭᠠᠷ ᠰᠠᠶᠢᠲᠤᠷ ᠬᠢᠵᠦ᠂ ᠵᠥᠷᠢᠴᠡᠯ ᠠᠶᠤᠯ ᠲᠦᠭᠰᠢᠭᠦᠷᠢ ᠶᠢ ᠦᠨᠳᠦᠰᠦᠨ | ᠱᠠᠲᠤᠨ ᠳᠤ ᠰᠢᠢᠳᠪᠦᠷᠢᠯᠡᠵᠦ᠂ ᠴᠤᠬᠤᠶᠢᠵᠤ ᠪᠠᠶᠢᠭ᠎ᠠ ᠪᠠᠶᠢᠳᠠᠯ ᠳᠤᠨᠢ ᠰᠢᠢᠳᠪᠦᠷᠢᠯᠡᠬᠦ ᠪᠠᠷ ᠴᠢᠷᠮᠠᠶᠢᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠵᠢᠴᠢ | ᠭᠤᠣᠯᠳᠠᠯᠭ᠎ᠠ ᠲᠠᠢ ᠲᠦᠷᠦᠯ ᠵᠦᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠦᠬᠦ | ᠲᠤᠭᠤᠷᠢᠭ ᠢᠶᠠᠷ ᠢᠶᠠᠨ ︽ᠠᠮᠢ ᠲᠡᠮᠡᠴᠡᠬᠦ︾ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ︽ᠪᠤᠯᠢᠶᠠᠯᠳᠤᠬᠤ︾ ᠵᠣᠷᠢᠭ | ᠰᠠᠨᠠᠭ᠎ᠠ ᠶᠢ ᠬᠥᠭᠵᠢᠭᠡᠵᠦ᠂ ᠲᠤᠰ ᠬᠦᠷᠢᠶᠡᠨ ᠤ ᠠᠵᠤ ᠠᠬᠤᠢ ᠶᠢᠨ ᠠᠵᠢᠯᠯᠠᠭᠠᠨ ᠤ ᠳᠤᠮᠳᠠᠬᠢ ᠳᠤᠲᠠᠭᠤᠳᠠᠯ ᠪᠠᠭᠤᠷᠠᠢ | ᠵᠦᠢᠯ ᠢ ᠣᠨᠣᠪᠴᠢᠲᠠᠢ ᠡᠷᠢᠵᠦ᠂ ᠠᠰᠠᠭᠤᠳᠠᠯ ᠤᠨ ᠰᠢᠯᠲᠠᠭᠠᠨ ᠢ ᠨᠢᠭᠡᠳ ᠨᠢᠭᠡ ᠪᠠᠷ ᠵᠠᠳᠠᠯᠵᠤ᠂ ᠤᠨᠢᠨ ᠳᠡᠭᠡᠷ᠎ᠡ ᠨᠢ | ᠠᠷᠭᠠᠴᠠᠭᠠᠬᠤ ᠪᠤᠳᠤᠯᠭ᠎ᠠ ᠶᠢ ᠴᠠᠭ ᠲᠤᠬᠠᠢ ᠳᠤᠨᠢ ᠰᠤᠳᠤᠯᠵᠤ᠂ ᠪᠦᠬᠦ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ | ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠬᠦ ᠶᠢ ᠬᠦᠴᠦᠯᠡᠨ | ᠠᠬᠢᠭᠤᠯᠵᠤ᠂ ᠨᠡᠩ ᠤᠯᠠᠨ ᠪᠣᠳᠠᠲᠤ ᠪᠠᠷᠢᠯᠭ᠎ᠠ ᠶᠢᠨ ᠬᠡᠮᠵᠢᠶ᠎ᠡ ᠶᠢ ᠪᠦᠷᠢᠯᠳᠦᠭᠦᠯᠬᠦ ᠬᠡᠷᠡᠭᠲᠡᠢ᠃ ᠠᠵᠤ | ᠠᠬᠤᠶᠢᠯᠠᠯ ᠯᠤᠭ᠎ᠠ ᠶᠢᠨ ᠨᠡᠪᠲᠡᠷᠡᠯᠴᠡᠭᠡ ᠵᠣᠯᠭᠠᠯᠴᠠᠭ᠎ᠠ ᠪᠠᠨ ᠴᠢᠩᠭᠠᠳᠬᠠᠵᠤ᠂ ᠬᠦᠴᠦ ᠪᠠᠨ ᠬᠠᠮᠲᠤᠳᠬᠠᠨ ᠪᠣᠭᠤᠮᠲᠠ | ᠰᠢᠪᠲᠤᠯᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ | ᠴᠠᠭ ᠲᠤᠬᠠᠢ ᠳᠤᠨᠢ ᠰᠢᠢᠳᠪᠦᠷᠢᠯᠡᠵᠦ᠂ ᠠᠵᠤ ᠠᠬᠤᠶᠢᠯᠠᠯ ᠢ ᠬᠠᠪᠰᠤᠷᠤᠨ ᠬᠥᠭᠦᠷᠭᠡ ᠬᠤᠯᠪᠣᠭᠠᠰᠤ ᠪᠣᠯᠭᠠᠵᠤ᠂ ᠵᠠᠬ᠎ᠠ | ᠳᠡᠯᠭᠡᠭᠦᠷ ᠢ ᠥᠷᠭᠡᠳᠬᠡᠨ ᠵᠠᠬᠢᠶᠠᠯᠠᠭ᠎ᠠ ᠡᠷᠢᠵᠦ᠂ ︽ᠳᠣᠲᠣᠭᠠᠳᠤ ᠶᠢᠨ ᠡᠷᠭᠢᠯᠲᠡ︾ ᠶᠢᠨ ᠬᠤᠯᠪᠣᠭᠳᠠᠯ ᠪᠦᠬᠦᠢ ᠠᠵᠤ | ᠦᠢᠯᠡᠰ ᠤᠨ ᠪᠦᠯᠦᠭᠯᠡᠨ ᠳᠤᠯᠠᠭᠠᠯᠠᠬᠤ᠂ ᠲᠥᠪᠯᠡᠷᠡᠭᠦᠯᠦᠨ ᠬᠥᠭᠵᠢᠬᠦ ᠶᠢ ᠢᠳᠡᠪᠬᠢᠲᠡᠢ ᠠᠬᠢᠭᠤᠯᠵᠤ᠂ ᠳᠠᠯᠳᠠ | ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠠᠭᠤᠳᠠᠯᠵᠤ᠂ ᠳᠠᠯᠳᠠ ᠴᠢᠳᠠᠪᠤᠷᠢ ᠶᠢ ᠪᠠᠳᠠᠷᠠᠭᠤᠯᠵᠤ᠂ ︽ᠰᠠᠶᠢᠨ | ᠡᠬᠢᠯᠡᠯᠲᠡ︾ ᠶᠢ ᠴᠢᠷᠮᠠᠶᠢᠨ ᠲᠡᠮᠡᠴᠡᠨ ᠣᠯᠬᠤ ᠬᠡᠷᠡᠭᠲᠡᠢ ᠭᠡᠵᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |