ᠪᠠᠷᠤᠭ ᠭᠤᠷᠪᠠᠨ ᠤ ᠨᠢᠭᠡ ᠶᠢᠨ ᠬᠦᠮᠦᠰ ᠨᠢᠭᠡ ᠨᠠᠰᠤᠨ ᠳᠠᠭᠠᠨ ᠠᠳᠠᠭ ᠲᠠᠭᠠᠨ ᠨᠢᠭᠡ ᠤᠳᠠᠭ᠎ᠠ ᠮᠤᠭᠠᠢ | ᠢᠯᠢᠳᠦ ᠳᠤ ᠨᠡᠷᠪᠡᠭᠳᠡᠳᠡᠭ᠂ ᠪᠦᠷᠢᠳᠭᠡᠯ ᠢ ᠦᠨᠳᠦᠰᠦᠯᠡᠪᠡᠯ᠂ ᠮᠠᠨ ᠤ ᠤᠯᠤᠰ ᠤᠨ 50 ᠨᠠᠰᠤᠨ ᠠᠴᠠ ᠲᠡᠭᠡᠭᠰᠢᠬᠢ | ᠬᠥᠮᠦᠰ ᠤᠨ ᠲᠤᠳᠤᠷ᠎ᠠ ᠵᠢᠯ ᠪᠦᠷᠢ 156 ᠲᠦᠮᠡᠨ ᠬᠥᠮᠦᠨ ᠮᠤᠭᠠᠢ ᠢᠯᠢᠳᠦ ᠳᠤ ᠨᠡᠷᠪᠡᠭᠳᠡᠵᠦ ᠪᠠᠶᠢᠨ᠎ᠠ᠃ | ᠵᠢᠯ ᠪᠦᠷᠢ ᠶᠢᠨ ᠴᠠᠭᠠᠨ ᠰᠠᠷ᠎ᠠ ᠠᠴᠠ ᠬᠤᠶᠢᠰᠢ᠂ ᠡᠮᠨᠡᠯᠭᠡ ᠶᠢᠨ ᠬᠤᠷᠢᠶᠠᠨ ᠳᠤ ᠬᠦᠷᠴᠦ ᠦᠵᠡᠬᠦᠯᠵᠦ | ᠪᠠᠶᠢᠭ᠎ᠠ ᠮᠤᠭᠠᠢ ᠢᠯᠢᠳᠦ ︵带状疱疹︶ ᠳᠤ ᠨᠡᠷᠪᠡᠭᠳᠡᠭᠰᠡᠨ ᠡᠪᠡᠳᠴᠢᠲᠡᠨ ᠤ ᠲᠤᠭ᠎ᠠ ᠨᠢ ᠪᠦᠷ | ᠢᠯᠡᠷᠬᠡᠢ ᠨᠡᠮᠡᠭᠳᠡᠵᠦ ᠪᠠᠶᠢᠨ᠎ᠠ᠂ ᠡᠮᠴᠢ ᠶᠢᠨ ᠲᠠᠨᠢᠯᠴᠠᠭᠤᠯᠤᠭᠰᠠᠨ ᠢ ᠦᠨᠳᠦᠰᠦᠯᠡᠪᠡᠯ᠂ ᠡᠨᠡ ᠨᠢ ᠭᠤᠣᠯᠳᠠᠭᠤ | ᠬᠠᠯᠳᠠᠪᠤᠷᠢᠲᠤ ᠲᠠᠭᠱᠢᠭᠤᠷ ᠶᠡᠭᠡ ᠪᠠᠷ ᠲᠡᠯᠭᠡᠷᠡᠬᠦ᠂ ᠬᠡᠲᠦᠷᠬᠡᠢ ᠶᠠᠳᠠᠷᠠᠬᠤ ᠪᠠ ᠠᠮᠢᠳᠤᠷᠠᠯ ᠨᠢ ᠵᠢᠮ᠎ᠡ ᠶᠣᠰᠣ | ᠦᠭᠡᠢ ᠠᠴᠠ ᠪᠣᠯᠵᠤ ᠲᠠᠷᠬᠠᠯᠠᠭ᠎ᠠ ᠨᠢ ᠮᠠᠭᠤᠳᠠᠬᠰᠠᠨ ᠠᠴᠠ ᠪᠡᠶ᠎ᠡ ᠲᠤᠳᠤᠷ᠎ᠠ ᠨᠢ ᠨᠢᠭᠤᠬᠳᠠᠵᠤ ᠪᠠᠶᠢᠬᠰᠠᠨ ᠸᠢᠷᠦ᠋ᠰ | ᠢᠳᠡᠪᠬᠢᠵᠢᠬᠦ ᠶᠢᠨ ᠤᠯᠠᠮ ᠢᠶᠠᠷ ᠬᠠᠯᠳᠠᠪᠤᠷᠢᠯᠠᠯ ᠡᠭᠦᠰᠳᠡᠭ᠃ 90% ᠠᠴᠠ ᠲᠡᠭᠡᠭᠰᠢᠬᠢ ᠨᠠᠰᠤᠨ ᠳᠤ | ᠬᠦᠷᠦᠭᠰᠡᠳ ᠤᠨ ᠪᠡᠶ᠎ᠡ ᠳᠣᠲᠣᠷ᠎ᠠ ᠪᠦᠷ ᠰᠡᠷᠭᠡᠨᠤᠳ — ᠮᠤᠭᠠᠢ ᠢᠯᠢᠳᠦ ᠶᠢᠨ ᠸᠢᠷᠦ᠋ᠰ ᠨᠢᠭᠤᠬᠳᠠᠵᠤ ᠪᠠᠶᠢᠳᠠᠭ᠂ | ᠬᠡᠦᠬᠡᠳ ᠤᠨ ᠦᠶ᠎ᠡ ᠳᠡᠭᠡᠨ ᠡᠨᠡ ᠸᠢᠷᠦ᠋ᠰ ᠬᠠᠯᠳᠠᠪᠤᠷᠢᠯᠠᠬᠳᠠᠪᠠᠯ᠂ ᠬᠥᠮᠦᠨ ᠤ ᠪᠡᠶ᠎ᠡ ᠲᠡᠭᠡᠷ᠎ᠡ ᠨᠢ ᠡᠭᠢᠨ ᠤ | ᠬᠤᠭᠤᠴᠠᠭᠠᠨ ᠳᠤ ᠰᠡᠷᠭᠡᠨᠤᠳ ᠭᠠᠷᠳᠠᠭ᠂ ᠲᠠᠷᠬᠠᠯᠠᠭ᠎ᠠ ᠶᠢᠨ ᠰᠢᠰᠲ᠋ᠧᠮ ᠤᠨ ᠳᠠᠭᠠᠷᠢᠯᠲᠠ ᠳᠤ ᠤᠴᠠᠷᠠᠪᠠᠯ ᠸᠢᠷᠦ᠋ᠰ ᠢ | ᠲᠦᠯᠪᠤᠷᠢᠲᠠᠢ ᠠᠷᠢᠯᠭᠠᠬᠤ ᠦᠭᠡᠢ ᠶᠤᠮ ᠪᠣᠯ ᠠᠷᠤ ᠨᠢᠷᠤᠭᠤᠨ ᠤ ᠮᠡᠳᠡᠷᠡᠯ ᠤᠨ ᠦᠶ᠎ᠡ ᠳᠣᠲᠣᠷ᠎ᠠ ᠨᠢᠭᠤᠬᠳᠠᠨ | ᠣᠷᠣᠵᠤ᠂ ᠪᠡᠶ᠎ᠡ ᠶᠢᠨ ᠲᠠᠷᠬᠠᠯᠠᠭ᠎ᠠ ᠶᠢᠨ ᠴᠢᠳᠠᠪᠤᠷᠢ ᠮᠠᠭᠤᠳᠠᠬᠤ ᠦᠶᠡᠰ ᠨᠢᠭᠤᠭᠳᠠᠵᠤ ᠪᠠᠶᠢᠬᠰᠠᠨ ᠸᠢᠷᠦ᠋ᠰ ᠨᠢ | ᠲᠣᠬᠢᠶᠠᠯ ᠢ ᠦᠵᠡᠵᠦ᠂ ᠮᠡᠳᠡᠷᠡᠯ ᠲᠠᠭᠠᠨ ︽ᠦᠷᠪᠢᠰᠦᠬᠦᠯᠵᠦ︾᠂ ᠮᠡᠳᠡᠷᠡᠯ ᠤᠨ ᠦᠷᠪᠢᠰᠦᠯ ᠢ ᠪᠤᠢ ᠪᠤᠯᠭᠠᠬᠤ᠂ | ᠦᠬᠦᠵᠢᠬᠦᠯᠬᠦ ᠶᠢᠨ ᠤᠯᠠᠮ ᠢᠶᠠᠷ ᠡᠪᠡᠳᠦᠭᠦᠯᠳᠡᠭ᠃ | 50 ᠨᠠᠰᠤᠨ ᠠᠴᠠ ᠳᠡᠭᠡᠭᠰᠢᠬᠢ ᠢᠳᠡᠷ ᠨᠠᠰᠤᠨ ᠤ ᠬᠦᠮᠦᠰ ᠪᠠ ᠨᠠᠰᠤᠲᠠᠶᠢᠴᠤᠳ ᠤᠨ ᠡᠪᠡᠳᠴᠢᠯᠡᠬᠦ ᠨᠣᠷᠮ᠎ᠠ | ᠳᠡᠭᠡᠭᠰᠢᠯᠡᠵᠦ ᠪᠠᠶᠢᠬᠤ ᠠᠴᠠ ᠭᠠᠳᠠᠨ᠎ᠠ᠂ ᠰᠢᠬᠢᠷ ᠰᠢᠵᠢᠩ ᠡᠪᠡᠳᠴᠢᠨ᠂ ᠤᠳᠠᠭᠠᠨ ᠴᠢᠨᠠᠷᠲᠠᠶ ᠪᠥᠭᠡᠷᠡᠨ ᠡᠪᠡᠳᠴᠢᠨ᠂ | ᠤᠳᠠᠭᠠᠨ ᠴᠢᠨᠠᠷᠲᠠᠶ ᠪᠥᠭᠯᠡᠷᠡᠬᠦ ᠴᠢᠨᠠᠷᠲᠠᠶ ᠠᠭᠤᠰᠬᠢᠨ ᠡᠪᠡᠳᠴᠢᠨ ᠵᠡᠷᠭᠡ ᠤᠳᠠᠭᠠᠨ ᠴᠢᠨᠠᠷᠲᠠᠶ ᠡᠪᠡᠳᠴᠢᠨ ᠳᠤ | ᠨᠡᠷᠪᠡᠭᠳᠡᠭᠰᠡᠳ ᠤᠨ ᠮᠤᠭᠠᠢ ᠢᠯᠢᠳᠦ ᠳᠤ ᠨᠡᠷᠪᠡᠭᠳᠡᠬᠦ ᠲᠦᠭᠰᠢᠬᠦᠷᠢ 24% ᠠᠴᠠ 41% ᠨᠡᠮᠡᠭᠳᠡᠵᠦ ᠪᠠᠶᠢᠨ᠎ᠠ︔ | ᠲᠣᠰ ᠪᠡᠶ᠎ᠡ ᠨᠢ ᠲᠠᠷᠬᠠᠯᠠᠭ᠎ᠠ ᠶᠢᠨ ᠡᠪᠡᠳᠴᠢᠨ᠂ ᠵᠢᠱᠢᠶᠡᠯᠡᠪᠡᠯ ᠬᠡᠷᠦᠬᠦ ᠡᠪᠡᠳᠴᠢᠨ ᠦᠶ᠎ᠡ ᠬᠡᠰᠢᠬᠦᠤ ᠶᠢᠨ ᠦᠷᠪᠢᠰᠦᠯ᠂ | ᠰᠢᠰᠲ᠋ᠧᠮᠲᠦ ᠴᠢᠨᠠᠷᠲᠠᠶ ᠤᠯᠠᠭᠠᠨ ᠲᠣᠯᠪᠣᠲᠤ ᠴᠢᠨ᠋ᠸ᠎ᠠ ᠶᠢᠨ ᠶᠠᠷ᠎ᠠ ᠵᠡᠷᠭᠡ ᠡᠪᠡᠳᠴᠢᠨ ᠳᠤ ᠨᠡᠷᠪᠡᠭᠳᠡᠭᠰᠡᠳ ᠤᠨ ᠮᠤᠭᠠᠢ | ᠢᠯᠢᠳᠦ ᠳᠤ ᠨᠡᠷᠪᠡᠭᠳᠡᠬᠦ ᠲᠦᠭᠰᠢᠬᠦᠷᠢ ᠨᠢ ᠡᠩ ᠤᠨ ᠬᠥᠮᠦᠰ ᠤᠨ 2.3 ᠳᠠᠬᠢᠨ ᠠᠴᠠ 4 ᠳᠠᠬᠢᠨ ᠪᠣᠯᠤᠨ᠎ᠠ᠃ |