2 ᠰᠠᠷ᠎ᠠ ᠶᠢᠨ 20 ᠤ ᠡᠳᠦᠷ᠂ ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠠᠮ ᠤᠨ | ᠤᠳᠤᠷᠢᠳᠬᠤ ᠳᠤᠭᠤᠶᠢᠯᠠᠩ 2024 ᠣᠨ ᠤ ᠠᠷᠠᠳᠴᠢᠯᠠᠭᠰᠠᠨ ᠠᠮᠢᠳᠤᠷᠠᠯ ᠤᠨ ᠬᠤᠷᠠᠯ ᠬᠤᠷᠠᠯᠳᠤᠭᠤᠯᠵᠤ᠂ | ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ᠂ ᠲᠣᠭᠤᠷᠢᠭ ᠤᠨ ᠵᠠᠰᠠᠭ ᠤᠨ | ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠯᠢᠦ ᠬᠤ᠋ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ | ᠲᠠᠯᠪᠢᠪᠠ᠃ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠲᠤᠭᠤᠷᠢᠭ ᠤᠨ | ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠠᠮᠢᠶ᠎ᠠ ᠪᠦᠬᠦᠢ ᠨᠥᠬᠦᠳ ᠬᠤᠷᠠᠯ ᠳᠤ ᠣᠷᠣᠯᠴᠠᠨ | ᠵᠢᠭᠠᠨ ᠵᠢᠯᠣᠭᠤᠳᠪᠠ᠃ | ᠬᠤᠷᠠᠯ ᠠᠴᠠ ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠠᠷᠠᠳᠴᠢᠯᠠᠯ ᠤᠨ | ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ | ᠪᠣᠯᠤᠨ ᠲᠣᠰ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠢ ᠵᠠᠷᠯᠠᠨ | ᠮᠡᠳᠡᠭᠳᠡᠪᠡ᠃ ᠯᠢᠦ ᠬᠤ᠋ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠢ | ᠲᠥᠯᠥᠭᠡᠯᠡᠨ ᠬᠠᠷᠢᠴᠠᠭᠤᠯᠤᠨ ᠪᠠᠶᠢᠴᠠᠭᠠᠬᠤ ᠶᠢᠨ ᠬᠠᠮᠲᠤ ᠲᠦᠷᠦᠭᠦᠯᠡᠨ ᠬᠤᠪᠢ ᠬᠥᠮᠦᠨ ᠤ ᠬᠠᠷᠢᠴᠠᠭᠤᠯᠤᠨ | ᠪᠠᠶᠢᠴᠠᠭᠠᠯᠲᠠ ᠬᠢᠪᠡ᠃ ᠨᠠᠮ ᠤᠨ ᠤᠳᠤᠷᠢᠳᠬᠤ ᠳᠤᠭᠤᠶᠢᠯᠠᠩ ᠤᠨ ᠪᠤᠰᠤᠳ ᠪᠦᠷᠢᠯᠳᠦᠬᠦᠨ ᠨᠡᠷ ᠨᠢᠭᠡᠳ ᠨᠢᠭᠡ ᠪᠠᠷ | ᠬᠠᠷᠢᠴᠠᠭᠤᠯᠤᠨ ᠪᠠᠶᠢᠴᠠᠭᠠᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠬᠢᠨᠠᠮᠠᠭᠠᠶ ᠥᠷᠨᠢᠭᠦᠯᠪᠡ᠃ | ᠯᠢᠦ ᠬᠤ᠋ ᠳ᠋ᠦᠩᠨᠡᠯᠲᠡ ᠶᠢᠨ ᠶᠠᠷᠢᠶᠠᠨ ᠳᠠᠭᠠᠨ᠂ ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ ᠪᠠᠭ ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠵᠦ᠂ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ | ᠰᠤᠷᠤᠯᠴᠠᠨ ᠲᠤᠤᠱᠯᠠᠭᠤᠯᠵᠤ᠂ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠦᠷ᠎ᠡ | ᠪᠦᠲᠦᠭᠡᠯ ᠤᠨ ᠬᠤᠪᠢᠷᠠᠭᠤᠯᠤᠯᠲᠠ ᠶᠢ ᠠᠬᠢᠭᠤᠯᠬᠤ ᠳᠡᠭᠡᠷ᠎ᠡ ᠬᠦᠴᠦ ᠲᠠᠯᠪᠢᠬᠤ ᠬᠡᠷᠡᠭᠲᠡᠶ᠃ ᠲᠦᠷᠢᠮ ᠲᠣᠭᠲᠠᠭᠠᠯ ᠢ | ᠵᠢᠷᠤᠮᠯᠠᠨ ᠰᠠᠬᠢᠯᠭ᠎ᠠ ᠪᠠᠲᠤ ᠶᠢ ᠰᠠᠬᠢᠵᠤ ᠰᠤᠷᠲᠠᠯ ᠢᠶᠠᠨ ᠴᠢᠩᠭᠠᠳᠬᠠᠵᠤ᠂ ᠪᠣᠳᠠᠲᠤ ᠠᠵᠢᠯᠯᠠᠭ᠎ᠠ ᠪᠠᠷ ᠢᠶᠠᠨ | ︽ᠲᠦᠷᠪᠡ ᠶᠢ ᠳᠠᠭᠠᠭᠤᠯᠬᠤ︾ ᠲᠠᠯ᠎ᠠ ᠪᠠᠷ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠢᠶᠠᠨ | ᠪᠠᠳᠠᠷᠠᠭᠤᠯᠵᠤ᠂ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠲᠠᠰᠤᠷᠠᠯᠲᠠ ᠦᠭᠡᠢ ᠪᠠᠬᠢᠵᠢᠭᠦᠯᠦᠨ | ᠬᠥᠭᠵᠢᠭᠦᠯᠬᠦ ᠬᠡᠷᠡᠭᠲᠡᠢ᠃ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠥᠭᠵᠢᠯᠲᠡ ᠶᠢ ᠠᠬᠢᠭᠤᠯᠵᠤ᠂ | ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠥᠪᠡᠷ ᠢ ᠪᠠᠨ ᠴᠢᠩᠭ᠎ᠠ ᠵᠢᠷᠤᠮᠵᠢᠭᠤᠯᠵᠤ᠂ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠡᠯ᠎ᠡ ᠲᠠᠯ᠎ᠠ ᠶᠢᠨ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ | ᠬᠡᠷᠡᠭᠲᠡᠢ᠃ ᠠᠰᠠᠭᠤᠳᠠᠯ ᠢ ᠴᠢᠩᠭ᠎ᠠ ᠠᠩᠬᠠᠷᠴᠤ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠠᠷᠠᠳᠴᠢᠯᠠᠯ ᠤᠨ | ᠠᠮᠢᠳᠤᠷᠠᠯ ᠤᠨ ᠬᠤᠷᠠᠯ ᠤᠨ ︽ᠰᠡᠭᠦᠯᠴᠢ ᠶᠢᠨ ᠬᠠᠭᠠᠰ ᠠᠵᠢᠯ︾ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠢ | ᠬᠡᠵᠡᠢ᠃ | |