ᠲᠤᠭ᠎ᠠ ᠪᠦᠷᠢᠳᠬᠡᠯ ᠤᠨ ᠲᠣᠪᠴᠢᠶ᠎ᠠ ᠪᠠᠶᠠᠷ ᠤᠨ ᠡᠳᠦᠷ ᠤᠨ ᠳᠠᠷᠠᠭᠠᠬᠢ ᠰᠡᠳᠬᠢᠯ ᠰᠠᠨᠠᠭ᠎ᠠ ᠪᠠᠨ ᠬᠤᠷᠢᠶᠠᠬᠤ ᠬᠤᠷᠠᠯ ᠵᠢᠴᠢ ᠭᠤᠤᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/7
      2 ᠰᠠᠷ᠎ᠠ ᠶᠢᠨ 6 ᠤ ᠡᠳᠦᠷ᠂ ᠤᠳᠠ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠵᠢᠯ ᠤᠨ ᠰᠡᠳᠬᠢᠯ ᠢᠶᠠᠨ ᠬᠤᠷᠢᠶᠠᠬᠤ ᠬᠤᠷᠠᠯ ᠬᠢᠵᠦ᠂ ᠪᠦᠬᠦ ᠺᠠᠳ᠋ᠷ ᠠᠵᠢᠯᠲᠠᠨ ᠢ ᠦᠳᠲᠡᠷ ᠲᠦᠷᠭᠡᠨ ᠪᠠᠶᠠᠷ ᠤᠨ ᠡᠳᠦᠷ ᠤᠨ ᠠᠭᠤᠷ ᠠᠮᠢᠰᠬᠤᠯ ᠠᠴᠠ ᠭᠠᠷᠭᠠᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠣᠯᠤᠨ ᠴᠣᠣ ᠰᠢᠨ᠎ᠡ ᠳᠦᠷᠰᠦ ᠪᠠᠶᠢᠳᠠᠯ ᠢᠶᠠᠷ ᠰᠢᠨ᠎ᠡ ᠨᠢᠭᠡ ᠵᠢᠯ ᠤᠨ ᠠᠵᠢᠯ ᠳᠠᠭᠠᠨ ᠣᠷᠣᠯᠴᠠᠭᠤᠯᠬᠤ ᠶᠢᠨ ᠲᠥᠯᠥᠭᠡ ᠶᠤᠮ᠃ ᠬᠤᠷᠠᠯ ᠢ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠡᠷᠭᠢᠯᠡᠵᠦ᠂ ᠪᠥᠬᠦ ᠠᠵᠢᠯᠲᠠᠳ ᠣᠷᠣᠯᠴᠠᠵᠠᠶ᠃
21.png     
      ᠬᠤᠷᠠᠯ ᠳᠡᠭᠡᠷ᠎ᠡ᠂ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠪᠥᠬᠦ ᠺᠠᠳ᠋ᠷ ᠠᠵᠢᠯᠲᠠᠨ ᠠᠵᠢᠯᠴᠢᠨ ᠳᠤ ᠴᠠᠭᠠᠨ ᠰᠠᠷ᠎ᠠ ᠶᠢᠨ ᠮᠡᠨᠳᠦᠴᠢᠯᠡᠯ ᠬᠦᠷᠭᠡᠵᠦ᠂ ᠴᠠᠭᠠᠨ ᠰᠠᠷ᠎ᠠ ᠶᠢᠨ ᠬᠤᠭᠤᠴᠠᠭᠠᠨ ᠳᠤ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠺᠠᠳ᠋ᠷ ᠠᠵᠢᠯᠲᠠᠨ ᠠᠵᠢᠯᠴᠢᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠬᠤᠷᠠᠯ ᠠᠴᠠ ᠵᠢᠭᠠᠵᠤ ᠭᠠᠷᠭᠠᠭᠰᠠᠨ ᠨᠢ᠂ ᠥᠩᠭᠡᠷᠡᠭᠰᠡᠨ ᠨᠢᠭᠡ ᠵᠢᠯ ᠳᠤ᠂ ᠣᠯᠠᠨ ᠤ ᠬᠠᠮᠲᠤ ᠶᠢᠨ ᠴᠢᠷᠮᠠᠶᠢᠯᠭ᠎ᠠ ᠪᠠᠷ ᠲᠤᠭ᠎ᠠ ᠪᠦᠷᠢᠳᠬᠡᠯ ᠤᠨ ᠠᠵᠢᠯ ᠤᠨ ᠬᠢᠯᠠᠰ ᠴᠡᠭ ᠵᠠᠯᠭᠠᠭ᠎ᠠ ᠪᠠᠷ ᠢᠯᠡᠷᠡᠪᠡ᠃ ᠰᠢᠨ᠎ᠡ ᠨᠢᠭᠡ ᠵᠢᠯ ᠳᠤ᠂ ᠪᠦᠬᠦ ᠲᠠᠯ᠎ᠠ ᠪᠠᠷ ᠳᠡᠭᠡᠳᠦ ᠲᠤᠤᠷᠠᠳᠤ ᠱᠠᠳᠤ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢᠨ ᠲᠣᠭᠤᠷᠢᠨ ᠳᠤ᠂ ᠭᠤᠣᠯᠳᠠᠯᠭ᠎ᠠ ᠲᠠᠢ ᠠᠵᠢᠯ᠂ ᠭᠤᠣᠯ ᠠᠵᠢᠯ ᠢ ᠰᠠᠶᠢᠲᠤᠷ ᠠᠳᠬᠤᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠠᠢ᠃
22.png     
       ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠺᠠᠳ᠋ᠷ ᠠᠵᠢᠯᠳᠠᠨ ᠠᠵᠢᠯᠴᠢᠨ ︽ᠪᠠᠶᠠᠷ ᠤᠨ ᠡᠳᠦᠷ ᠤᠨ ᠰᠡᠳᠬᠢᠴᠡ︾ ᠶᠢ ᠬᠤᠷᠢᠶᠠᠵᠤ᠂ ᠪᠠᠶᠠᠷ ᠤᠨ ᠡᠳᠦᠷ ᠤᠨ ᠠᠭᠤᠷ ᠠᠮᠢᠰᠬᠤᠯ ᠠᠴᠠ ᠠᠯᠢ ᠲᠦᠷᠭᠡᠨ ᠢᠶᠠᠷ ᠭᠠᠷᠴᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠵᠢᠯ ᠤᠨ ᠳᠤᠮᠳᠠ ᠪᠠᠨ ᠣᠷᠣᠯᠴᠠᠬᠤ ᠬᠡᠷᠡᠭᠲᠡᠢ᠃ ᠨᠢᠭᠡᠳᠦᠭᠡᠷ ᠤᠯᠠᠷᠢᠯ ᠳᠤ ︽ᠰᠠᠶᠢᠨ ᠡᠬᠢᠯᠡᠯᠲᠡ︾ ᠶᠢᠨ ᠬᠠᠷᠠᠯᠲᠠ ᠶᠢ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠤᠳᠠ ᠲᠣᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠪᠠᠲᠤ ᠪᠠᠬᠢ ᠲᠤᠭ᠎ᠠ ᠪᠦᠷᠢᠳᠬᠡᠯ ᠤᠨ ᠪᠠᠲᠤᠯᠠᠭ᠎ᠠ ᠬᠠᠩᠭᠠᠨ᠎ᠠ᠃ ᠠᠵᠢᠯ ᠤᠨ ᠲᠥᠯᠦᠪᠵᠢᠭᠦᠯᠭᠡ ᠶᠢᠨ ᠲᠠᠯ᠎ᠠ ᠪᠠᠷ ᠰᠠᠶᠢᠨ ᠡᠬᠢᠯᠡᠯᠲᠡ ᠲᠠᠢ ᠪᠣᠯᠵᠤ᠂ ᠠᠵᠢᠯ ᠢ ᠨᠠᠶᠢᠳᠠᠪᠤᠷᠢᠵᠢᠭᠤᠯᠬᠤ ᠲᠠᠯ᠎ᠠ ᠪᠠᠷ ᠯᠠᠪᠳᠠᠭᠤᠨ ᠢᠶᠠᠷ ᠤᠷᠤᠭᠰᠢᠯᠠᠵᠤ᠂ ᠡᠬᠢᠯᠡᠯᠲᠡ ᠶᠢᠨ ᠦᠶ᠎ᠡ ᠳᠤ ᠰᠢᠪᠲᠤᠯᠤᠯᠲᠠ ᠬᠢᠬᠦ᠂ ᠡᠬᠢᠯᠡᠯᠲᠡ ᠶᠢᠨ ᠦᠶ᠎ᠡ ᠳᠤ ᠰᠢᠢᠳᠪᠦᠷᠢᠲᠦ ᠪᠠᠶᠢᠯᠳᠤᠭᠠᠨ ᠬᠢᠬᠦ ᠣᠪᠣᠷ ᠢᠶᠠᠷ ᠡᠬᠢᠯᠡᠯᠲᠡ ᠶᠢᠨ ᠠᠩᠬᠠᠨ ᠤ ᠠᠯᠬᠤᠮ ᠢᠶᠠᠨ ᠡᠬᠢᠯᠡᠭᠦᠯᠵᠦ᠂ ᠲᠤᠭ᠎ᠠ ᠪᠦᠷᠢᠳᠬᠡᠯ ᠤᠨ ᠠᠵᠢᠯ ᠤᠨ ᠰᠢᠨ᠎ᠡ ᠬᠠᠭᠤᠳᠠᠰᠤ ᠶᠢ ᠨᠡᠭᠡᠭᠡᠬᠦ ᠬᠡᠷᠡᠭᠲᠡᠢ ᠭᠡᠵᠠᠢ᠃   
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号