ᠤᠳᠠ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠥᠮᠥᠷᠭᠡ ᠳᠤ ᠣᠷᠣᠭᠤᠯᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/8
      ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠥᠮᠥᠷᠭᠡ ᠳᠤ ᠣᠷᠣᠭᠤᠯᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠪᠡᠯᠡ ᠣᠷᠣᠭᠤᠯᠤᠯᠲᠠ ᠶᠢᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠰᠠᠭᠤᠷᠢ ᠶᠢ ᠪᠠᠬᠢᠵᠢᠭᠦᠯᠵᠦ᠂ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠥᠮᠥᠷᠭᠡ ᠳᠤ ᠣᠷᠣᠭᠤᠯᠬᠤ ᠨᠡᠪᠲᠡᠷᠡᠯ ᠤᠨ ᠨᠣᠷᠮ᠎ᠠ ᠶᠢ ᠳᠡᠭᠡᠭᠰᠢᠯᠡᠭᠦᠯᠬᠦ ᠶᠢᠨ ᠲᠥᠯᠥᠭᠡ᠂ 2 ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ᠤᠳᠠ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠬᠠᠮᠢᠶᠠᠷᠤᠯᠲᠠ ᠶᠢᠨ ᠵᠥᠪᠯᠡᠯ ᠵᠢᠴᠢ ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠠᠯᠪᠠᠨ ᠬᠡᠷ ᠤᠨ ᠲᠤᠭ᠎ᠠ ᠪᠦᠷᠢᠳᠬᠡᠯ ᠤᠨ ᠠᠵᠢᠯᠲᠠᠨ ᠳᠤ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠬᠥᠮᠥᠷᠭᠡ ᠳᠤ ᠣᠷᠣᠭᠤᠯᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ᠃
23.png     
      ᠬᠤᠷᠠᠯ ᠳᠡᠭᠡᠷ᠎ᠡ᠂ ᠡᠩ ᠲᠡᠷᠢᠭᠦᠨ ᠳᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾ ᠶᠢ ᠤᠬᠠᠭᠤᠯᠤᠨ ᠰᠤᠷᠤᠯᠴᠠᠵᠤ᠂ ᠳᠠᠷᠠᠭ᠎ᠠ ᠨᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠶᠢ ᠵᠠᠳᠠᠯᠤᠨ ᠲᠠᠨᠢᠯᠴᠠᠭᠤᠯᠵᠤ᠂ PPT ᠬᠢᠴᠢᠶᠡᠯ ᠤᠨ ᠬᠡᠷᠡᠭᠰᠡᠯ ᠪᠣᠯᠤᠨ ᠪᠣᠳᠠᠲᠠᠶ ᠬᠡᠷᠡᠭ ᠤᠨ ᠵᠢᠱᠢᠶ᠎ᠡ ᠶᠢᠨ ᠦᠵᠡᠭᠦᠯᠦᠯᠭᠡ ᠪᠠᠷ ᠳᠠᠮᠵᠢᠭᠤᠯᠤᠨ᠂ ᠲᠥᠷᠥᠯ  ᠵᠦᠢᠯ ᠢ ᠬᠥᠮᠥᠷᠭᠡ ᠳᠤ ᠣᠷᠣᠭᠤᠯᠬᠤ ᠶᠠᠪᠤᠴᠠ ᠪᠠ ᠪᠠᠷᠢᠮᠵᠢᠶ᠎ᠠ ᠶᠢ ᠲᠣᠳᠣᠷᠬᠠᠶᠢᠯᠠᠵᠤ᠂ ᠲᠥᠷᠥᠯ  ᠵᠦᠢᠯ ᠤᠨ ᠪᠠᠷᠢᠯᠭ᠎ᠠ ᠶᠢᠨ ᠲᠤᠬᠠᠶ ᠶᠢᠨ ᠭᠠᠵᠠᠷ ᠤᠨ ᠲᠣᠭᠤᠷᠢᠨ ᠪᠠᠶᠢᠴᠠᠭᠠᠬᠤ ᠱᠠᠭᠠᠷᠳᠠᠯᠭ᠎ᠠ ᠶᠢ ᠡᠵᠡᠮᠰᠢᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ᠂ ᠬᠠᠤᠯᠢ ᠪᠠᠷ ᠵᠠᠰᠠᠬᠤ ᠤᠬᠠᠮᠰᠠᠷ ᠢ ᠪᠠᠲᠤᠳᠬᠠᠨ ᠲᠤᠭ᠎ᠠ ᠪᠦᠷᠢᠳᠬᠡᠯ ᠤᠨ ᠤᠭ ᠰᠠᠨᠠᠭ᠎ᠠ ᠪᠠᠨ ᠪᠠᠲᠤ ᠰᠠᠬᠢᠵᠤ᠂ ᠬᠠᠤᠯᠢ ᠶᠣᠰᠣᠭᠠᠷ ᠲᠤᠭ᠎ᠠ ᠪᠦᠷᠢᠳᠬᠡᠯ ᠤᠨ ᠡᠭᠦᠷᠭᠡ ᠬᠠᠷᠢᠭᠤᠴᠠᠯᠭ᠎ᠠ ᠶᠢ ᠡᠷᠡᠰ ᠡᠭᠦᠷᠭᠡᠯᠡᠬᠦ ᠬᠡᠷᠡᠭᠲᠡᠢ︔ ᠬᠤᠶᠠᠷ ᠲᠤ᠂ ᠬᠥᠮᠥᠷᠭᠡ ᠳᠤ ᠣᠷᠣᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠥᠷᠥᠯ ᠵᠦᠢᠯ ᠢ ᠬᠥᠮᠥᠷᠭᠡ ᠳᠤ ᠣᠷᠣᠭᠤᠯᠬᠤ ᠪᠣᠯ ᠪᠡᠯᠡ ᠣᠷᠣᠭᠤᠯᠤᠯᠲᠠ ᠶᠢᠨ ᠠᠵᠢᠯ ᠤᠨ ᠰᠠᠭᠤᠷᠢ ᠮᠥᠨ᠂ ᠪᠦᠬᠦ ᠲᠤᠭᠤᠷᠢᠭ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠤᠰᠤᠳᠴᠢ ᠪᠠᠷ ᠲᠤᠰᠬᠠᠬᠤ ᠴᠢᠬᠤᠯᠠ ᠪᠡᠯᠭᠡ ᠲᠡᠮᠳᠡᠭ ᠮᠥᠨ ᠭᠡᠳᠡᠭ ᠢ ᠭᠦᠢᠴᠡᠳ ᠲᠠᠨᠢᠬᠤ ᠬᠡᠷᠡᠭᠲᠡᠢ︔ ᠭᠤᠷᠪᠠ ᠳᠤ᠂ ᠥᠪᠡᠷ ᠤᠨ ᠪᠡᠶ᠎ᠡ ᠳᠡᠭᠡᠨ ᠳᠠᠷᠤᠯᠲᠠ ᠥᠭᠴᠦ ᠲᠤᠬᠠᠶᠢᠯᠠᠭᠰᠠᠨ ᠠᠵᠢᠯ ᠤᠨ ᠰᠤᠷᠤᠯᠴᠠᠯᠭ᠎ᠠ ᠪᠠᠨ ᠴᠢᠩᠭᠠᠳᠬᠠᠵᠤ᠂ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠬᠡᠪ ᠴᠢᠨᠠᠷ ᠢᠶᠠᠨ ᠳᠡᠭᠡᠭᠰᠢᠯᠡᠭᠦᠯᠦᠨ᠂ ᠲᠥᠷᠥᠯ ᠵᠦᠢᠯ ᠢ ᠬᠥᠮᠥᠷᠭᠡ ᠳᠤ ᠣᠷᠣᠭᠤᠯᠵᠤ ᠥᠩᠭᠡᠷᠡᠭᠦᠯᠬᠦ ᠨᠤᠷᠮ᠎ᠠ ᠶᠢ ᠴᠢᠷᠮᠠᠶᠢᠨ ᠳᠡᠭᠡᠭᠰᠢᠯᠡᠭᠦᠯᠬᠦ ᠬᠡᠷᠡᠭᠲᠡᠢ ᠭᠡᠵᠠᠢ᠃      ᠲᠣᠰ ᠤᠳᠠᠭᠠᠨ ᠤ ᠪᠣᠯᠪᠠᠰᠤᠷᠠᠭᠤᠯᠤᠯ ᠤᠨ ᠬᠤᠷᠠᠯ ᠢᠶᠠᠷ ᠳᠡᠮᠵᠢᠨ᠂ ᠬᠠᠮᠢᠶᠠᠷᠤᠯᠲᠠ ᠶᠢᠨ ᠵᠥᠪᠯᠡᠯ ᠵᠢᠴᠢ ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠲᠤᠭ᠎ᠠ ᠪᠦᠷᠢᠳᠬᠡᠯ ᠤᠨ ᠠᠵᠢᠯᠲᠠᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠳᠤ ᠨᠠᠩ ᠪᠥᠬᠦ ᠲᠠᠯ᠎ᠠ ᠶᠢᠨ ᠲᠠᠨᠢᠯᠲᠠ ᠪᠠ ᠡᠵᠡᠮᠰᠢᠯ ᠲᠠᠢ ᠪᠣᠯᠵᠣ᠂ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠬᠥᠮᠥᠷᠭᠡ ᠳᠤ ᠣᠷᠣᠭᠤᠯᠬᠤ ᠦᠵᠡᠯ ᠤᠬᠠᠮᠰᠠᠷ ᠪᠠ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠤᠨ᠂ ᠲᠤᠬᠠᠶᠢᠯᠠᠭᠰᠠᠨ ᠠᠵᠢᠯ ᠤᠨ ᠤᠷ᠎ᠠ ᠴᠢᠳᠠᠪᠤᠷᠢ ᠪᠠ ᠪᠣᠳᠠᠲᠠᠶ ᠪᠣᠯᠪᠠᠰᠤᠷᠠᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠵᠦ᠂ ᠬᠤᠶᠢᠰᠢᠳᠠ ᠶᠢᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ ᠴᠠᠭ ᠲᠤᠬᠠᠶ ᠳᠤᠨᠢ ᠨᠢᠭᠡᠳᠦᠯᠲᠡᠶ ᠪᠦᠷᠢᠳᠬᠡᠬᠦ ᠳᠤ ᠰᠠᠶᠢᠨ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃   
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号