ᠤᠳᠠ ᠲᠣᠭᠤᠷᠢᠭ ᠤᠨ ᠬᠥᠳᠡᠯᠮᠦᠷᠢ ᠬᠦᠴᠦᠨ ᠤ ᠠᠵᠢᠯ ᠣᠯᠭᠤᠯᠲᠠ ᠶᠢᠨ ᠪᠠᠶᠢᠳᠠᠯ ᠢ ᠣᠨᠣᠪᠴᠢᠲᠠᠶ | ᠡᠵᠡᠮᠳᠡᠵᠦ᠂ ᠬᠥᠳᠡᠯᠮᠦᠷᠢ ᠬᠦᠴᠦᠨ ᠤ ᠪᠠᠶᠢᠴᠠᠭᠠᠯᠲᠠ ᠶᠢᠨ ᠠᠵᠢᠯ ᠤᠨ ᠰᠠᠭᠤᠷᠢ ᠶᠢ ᠤᠯᠠᠮ ᠨᠢᠭᠡ ᠠᠯᠬᠤᠮ | ᠪᠠᠬᠢᠵᠢᠭᠦᠯᠵᠦ᠂ ᠬᠥᠳᠡᠯᠮᠦᠷᠢ ᠬᠦᠴᠦᠨ ᠤ ᠪᠠᠶᠢᠴᠠᠭᠠᠯᠲᠠ ᠶᠢᠨ ᠡᠬᠢ ᠡᠭᠦᠰᠦᠯ ᠤᠨ ᠲᠤᠭ᠎ᠠ ᠪᠠᠷᠢᠮᠲᠠ ᠶᠢᠨ ᠶᠠᠰᠤ | ᠴᠢᠨᠠᠷ ᠤᠨ ᠣᠨᠣᠪᠴᠢᠲᠤ ᠴᠢᠨᠠᠷ ᠢ ᠪᠠᠲᠤᠯᠠᠵᠦ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ | ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠤᠨ | ᠨᠠᠶᠢᠳᠠᠪᠦᠷᠢᠵᠢᠭᠤᠯᠬᠤ ᠶᠢᠨ ᠲᠦᠯᠦᠭᠡ᠂ 3 ᠰᠠᠷ᠎ᠠ ᠶᠢᠨ 10 ᠤ ᠡᠳᠦᠷ ᠤᠳᠠ ᠲᠣᠭᠤᠷᠢᠭ ᠤᠨ ᠲᠤᠭ᠎ᠠ | ᠪᠦᠷᠢᠳᠬᠡᠯ ᠤᠨ ᠲᠣᠪᠴᠢᠶ᠎ᠠ ᠪᠢᠨᠬᠠᠢ ᠵᠡᠭᠡᠯᠢ ᠭᠤᠳᠤᠮᠵᠢ ᠶᠢᠨ ᠪᠢᠨᠬᠠᠢ ᠨᠡᠶᠢᠭᠡᠮ ᠲᠣᠭᠤᠷᠢᠭ ᠤᠨ ᠬᠥᠳᠡᠯᠮᠦᠷᠢ | ᠬᠦᠴᠦᠨ ᠤ ᠪᠠᠶᠢᠴᠠᠭᠠᠯᠲᠠ ᠶᠢᠨ ᠴᠡᠭ ᠲᠤ ᠬᠦᠷᠴᠦ ᠡᠷᠦᠬᠡ ᠳᠤ ᠬᠦᠷᠴᠦ ᠪᠠᠷ᠎ᠠ ᠪᠣᠯᠵᠣ ᠰᠤᠷᠪᠤᠯᠵᠢᠯᠠᠬᠤ ᠠᠵᠢᠯ ᠢ | ᠥᠷᠨᠢᠭᠦᠯᠪᠡ᠃ | ᠪᠠᠷ᠎ᠠ ᠪᠣᠯᠵᠤ ᠰᠤᠷᠪᠤᠯᠵᠢᠯᠠᠬᠤ ᠶᠠᠪᠤᠴᠠ ᠳᠤ᠂ ᠤᠳᠠ ᠲᠣᠭᠤᠷᠢᠭ ᠤᠨ ᠲᠤᠭ᠎ᠠ ᠪᠦᠷᠢᠳᠬᠡᠯ ᠤᠨ | ᠲᠣᠪᠴᠢᠶ᠎ᠠ ᠶᠢᠨ ᠠᠵᠢᠯᠲᠠᠨ ᠪᠣᠯᠤᠨ ᠪᠠᠶᠢᠴᠠᠭᠠᠭᠴᠢ ᠬᠠᠮᠲᠤ ᠪᠠᠷ ᠡᠷᠦᠬᠡ ᠳᠤ ᠣᠷᠣᠵᠤ ᠳᠠᠩᠰᠠᠯᠠᠬᠤ ᠠᠵᠢᠯ ᠢ | ᠥᠷᠨᠢᠭᠦᠯᠪᠡ᠃ ᠠᠵᠢᠯ ᠤᠨ ᠭᠤᠭᠴᠤᠭ᠎ᠠ ᠶᠢ ᠠᠵᠢᠭᠯᠠᠪᠠᠯ᠂ ᠠᠵᠢᠯᠲᠠᠳ ᠪᠣᠯᠤᠨ ᠬᠠᠪᠰᠤᠷᠤᠨ ᠪᠠᠶᠢᠴᠠᠭᠠᠭᠴᠢ | ᠰᠠᠨᠠᠯ ᠢᠶᠠᠨ ᠭᠦᠨᠵᠡᠭᠡᠶ ᠰᠣᠯᠢᠯᠴᠠᠵᠤ᠂ ᠭᠦᠢᠴᠡᠳᠬᠡᠬᠦ ᠲᠤᠭ᠎ᠠ ᠶᠢᠨ ᠣᠶᠢᠯᠠᠭᠠᠬᠤ ᠵᠥᠷᠢᠶ᠎ᠡ ᠪᠣᠯᠤᠨ ᠨᠡᠶᠢᠲᠡᠯᠢᠭ | ᠴᠢᠨᠠᠷᠲᠠᠶ ᠠᠰᠠᠭᠤᠳᠠᠯ ᠢ ᠲᠤᠬᠠᠶ ᠶᠢᠨ ᠲᠠᠯᠠᠪᠤᠷ ᠲᠤᠨᠢ ᠵᠢᠯᠣᠭᠤᠳᠬᠤ ᠪᠠᠷ ᠪᠠᠷᠠᠬᠤ ᠥᠬᠡᠶ᠂ ᠰᠢᠢᠳᠪᠦᠷᠢᠯᠡᠬᠦ ᠠᠷᠭ᠎ᠠ ᠶᠢ | ᠬᠠᠮᠲᠤ ᠪᠠᠷ ᠵᠥᠪᠳᠡᠯᠴᠡᠬᠦ ᠶᠢᠨ ᠬᠠᠮᠲᠤ ᠪᠠᠰᠠ ᠲᠥᠬᠦᠮ ᠣᠶᠢᠯᠠᠭᠠᠮᠵᠢᠲᠠᠶ ᠦᠭᠡ ᠬᠡᠯᠡ ᠪᠠᠷ ᠰᠤᠷᠪᠤᠯᠵᠢᠯᠠᠭ᠎ᠠ | ᠬᠦᠯᠢᠶᠡᠭᠰᠡᠨ ᠰᠠᠭᠤᠭᠠᠯᠢ ᠠᠷᠠᠳ ᠲᠤ ︽ᠨᠢᠭᠡ ᠭᠤᠤᠯ ᠱᠤᠭᠤᠮ︾︽ᠬᠤᠶᠠᠷ ᠬᠠᠮᠲᠤ︾︽ᠭᠤᠷᠪᠠᠨ ᠰᠠᠯᠵᠤ ᠴᠢᠳᠠᠬᠤ | ᠥᠬᠡᠶ︾ ᠵᠡᠷᠭᠡ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠮᠡᠳᠡᠯᠭᠡ ᠶᠢ ᠲᠠᠶᠢᠯᠪᠤᠷᠢᠯᠠᠨ ᠥᠭᠴᠦ᠂ ᠰᠠᠭᠤᠭᠠᠯᠢ | ᠠᠷᠠᠳ ᠤᠨ ᠦᠨᠳᠦᠰᠦᠲᠡᠨ ᠤ ᠮᠡᠳᠡᠯᠭᠡ ᠶᠢ ᠰᠡᠳᠬᠢᠯ ᠵᠢᠷᠦᠬᠡᠨ ᠳᠡᠭᠡᠨ ᠬᠠᠳᠠᠩᠰᠢᠭᠤᠯᠵᠤ᠂ ᠨᠡᠶᠢᠭᠡᠮ ᠤᠨ ᠡᠶ᠎ᠡ | ᠵᠣᠬᠢᠴᠠᠯ ᠢ ᠠᠬᠢᠭᠤᠯᠬᠤ ᠢᠳᠡᠪᠬᠢ ᠬᠦᠴᠦᠨ ᠢ ᠳᠠᠮᠵᠢᠭᠤᠯᠪᠠ᠃ | ᠲᠣᠰ ᠤᠳᠠᠭᠠᠨ ᠤ ᠪᠠᠷ᠎ᠠ ᠪᠣᠯᠵᠤ ᠰᠤᠷᠪᠤᠯᠵᠢᠯᠠᠭᠰᠠᠨ ᠨᠢ ᠤᠳᠠ ᠲᠣᠭᠤᠷᠢᠭ ᠤᠨ ᠲᠤᠭ᠎ᠠ ᠪᠦᠷᠢᠳᠬᠡᠯ ᠤᠨ | ᠲᠣᠪᠴᠢᠶ᠎ᠠ ᠬᠢᠭᠡᠳ ᠪᠢᠨᠬᠠᠢ ᠨᠡᠶᠢᠭᠡᠮ ᠲᠣᠭᠤᠷᠢᠭ ᠤᠨ ᠬᠤᠶᠠᠷ ᠱᠠᠲᠤᠨ ᠤ ᠪᠠᠶᠢᠴᠠᠭᠠᠬᠤ ᠰᠠᠯᠠᠭ᠎ᠠ ᠮᠥᠴᠢᠷ ᠤᠨ | ᠬᠤᠭᠤᠷᠣᠨᠳᠣᠬᠢ ᠨᠡᠪᠲᠡᠷᠡᠯᠴᠡᠭᠡ ᠪᠠ ᠬᠠᠮᠵᠢᠯᠴᠠᠭ᠎ᠠ ᠶᠢ ᠴᠢᠩᠭᠠᠳᠬᠠᠭᠰᠠᠨ ᠢᠶᠠᠷ ᠪᠠᠷᠠᠬᠤ ᠥᠬᠡᠶ᠂ ᠬᠥᠳᠡᠯᠮᠦᠷᠢ | ᠬᠦᠴᠦᠨ ᠤ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠶ ᠶᠠᠪᠤᠭᠳᠠᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ | ᠨᠡᠮᠡᠷᠢᠯᠡᠭᠰᠡᠨ ᠪᠠᠶᠢᠨ᠎ᠠ᠃ ᠬᠤᠶᠢᠰᠢᠳᠠ ᠶᠢᠨ ᠠᠵᠢᠯ ᠤᠨ ᠳᠤᠮᠳᠠ᠂ ᠤᠳᠠ ᠲᠣᠭᠤᠷᠢᠭ ᠤᠨ ᠲᠤᠭ᠎ᠠ ᠪᠦᠷᠢᠳᠬᠡᠯ ᠤᠨ | ᠲᠣᠪᠴᠢᠶ᠎ᠠ ᠡᠳᠦᠷ ᠲᠤᠲᠤᠮ ᠤᠨ ᠬᠥᠳᠡᠯᠦᠩᠭᠦᠶ ᠰᠤᠷᠤᠯᠴᠠᠯᠭ᠎ᠠ ᠵᠢᠯᠣᠭᠤᠳᠣᠯᠭ᠎ᠠ ᠪᠠᠨ ᠴᠢᠩᠭᠠᠳᠬᠠᠵᠤ᠂ ᠠᠯᠳᠠᠭ᠎ᠠ | ᠪᠤᠷᠤᠭᠤ ᠪᠠᠨ ᠴᠠᠭ ᠲᠤᠬᠠᠶ ᠳᠤᠨᠢ ᠵᠠᠯᠠᠷᠠᠭᠤᠯᠵᠤ᠂ ᠰᠡᠭᠦᠯᠴᠢ ᠶᠢᠨ ᠬᠤᠭᠤᠴᠠᠭᠠᠨ ᠤ ᠡᠷᠦᠬᠡ ᠳᠤ ᠬᠦᠷᠴᠦ ᠪᠠᠷ᠎ᠠ | ᠪᠣᠯᠵᠣ ᠰᠤᠷᠪᠤᠯᠵᠢᠯᠠᠬᠤ ᠭᠦᠨᠴᠡ ᠪᠠ ᠳᠠᠪᠲᠠᠮᠵᠢ ᠶᠢ ᠴᠢᠩᠭᠠᠳᠬᠠᠵᠤ᠂ ᠪᠠᠷ᠎ᠠ ᠪᠣᠯᠵᠣ ᠰᠤᠷᠪᠤᠯᠵᠢᠯᠠᠬᠤ ᠶᠢ ᠬᠢᠨᠠᠨ | ᠵᠢᠯᠣᠭᠤᠳᠬᠤ ᠪᠣᠳᠠᠲᠤ ᠦᠷ᠎ᠡ ᠪᠦᠲᠦᠮᠵᠢ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ︽ᠪᠠᠷ᠎ᠠ ᠪᠣᠯᠵᠣ ᠠᠬᠢᠭᠤᠯᠬᠤ︾ | ᠰᠠᠶᠢᠨ ᠣᠷᠴᠢᠯ ᠢ ᠪᠣᠶ ᠪᠣᠯᠭᠠᠨ᠎ᠠ᠃ | |