ᠣᠶᠢᠷ᠎ᠠ ᠳᠤ᠂ ᠦᠬᠠᠶ ᠬᠤᠲᠠ ᠶᠢᠨ ᠤᠳᠠ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠪᠥᠬᠦ | ᠲᠤᠭᠤᠷᠢᠭ ᠤᠨ 60 ᠭᠠᠷᠤᠶ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠠᠵᠤ ᠠᠬᠤᠶᠢᠯᠠᠯ ᠤᠨ ᠲᠤᠭ᠎ᠠ | ᠪᠦᠷᠢᠳᠬᠡᠯ ᠤᠨ ᠠᠵᠢᠯᠲᠠᠨ ᠳᠤ ᠴᠢᠭᠯᠡᠭᠦᠯᠦᠨ᠂ ᠭᠤᠷᠪᠠᠨ ᠲᠠᠯᠠᠪᠤᠷ ᠬᠤᠪᠢᠶᠠᠨ ᠲᠤᠭ᠎ᠠ ᠪᠦᠷᠢᠳᠬᠡᠯ ᠤᠨ ᠬᠠᠤᠯᠢ ᠶᠢᠨ | ᠤᠬᠠᠭᠤᠯᠭ᠎ᠠ ᠵᠢᠴᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠤᠬᠠᠶᠢᠯᠠᠭᠰᠠᠨ ᠠᠵᠢᠯ ᠤᠨ | ᠮᠡᠳᠡᠯᠭᠡ ᠶᠢᠨ ᠪᠣᠯᠪᠠᠰᠤᠷᠠᠭᠤᠯᠤᠯ ᠥᠷᠨᠢᠭᠦᠯᠪᠡ᠃ ᠲᠣᠰ ᠤᠳᠠᠭᠠᠨ ᠤ ᠪᠣᠯᠪᠠᠰᠤᠷᠠᠭᠤᠯᠤᠯ ᠤᠨ ᠵᠣᠷᠢᠯᠭ᠎ᠠ ᠨᠢ ᠠᠵᠤ | ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠪᠥᠬᠦ ᠲᠠᠯ᠎ᠠ ᠪᠠᠷ | ᠳᠡᠭᠡᠭᠰᠢᠯᠡᠭᠦᠯᠵᠦ᠂ ᠬᠠᠤᠯᠢ ᠶᠣᠰᠣᠭᠠᠷ ᠲᠤᠭ᠎ᠠ ᠪᠦᠷᠢᠳᠬᠡᠬᠦ ᠦᠵᠡᠯ ᠤᠬᠠᠮᠰᠠᠷ ᠢ ᠴᠢᠩᠭᠠᠷᠠᠭᠤᠯᠤᠨ᠂ ᠲᠣᠭᠲᠠᠮᠠᠯ | ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠤᠭ᠎ᠠ ᠪᠠᠷᠢᠮᠲᠠ ᠶᠢ ᠲᠠᠭᠯᠠᠨ ᠮᠡᠳᠡᠭᠦᠯᠬᠦ ᠴᠤᠪᠤᠷᠠᠯ ᠢ ᠵᠢᠷᠤᠮᠵᠢᠭᠤᠯᠵᠤ᠂ | ᠪᠥᠬᠦ ᠲᠤᠭᠤᠷᠢᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠬᠦᠷᠢᠶᠡᠨ ᠳᠠᠬᠢ ᠠᠵᠤ ᠠᠬᠤᠶ ᠶᠢᠨ | ᠭᠦᠢᠴᠡᠳᠬᠡᠯ ᠲᠤᠭ᠎ᠠ ᠶᠢᠨ ᠲᠤᠭ᠎ᠠ ᠪᠦᠷᠢᠳᠬᠡᠯ ᠤᠨ ᠶᠠᠰᠤ ᠴᠢᠨᠠᠷ ᠪᠠ ᠣᠨᠣᠪᠴᠢᠲᠤ ᠴᠢᠨᠠᠷ ᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠂ ᠣᠷᠣᠨ ᠪᠦᠰᠡ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠨᠠᠶᠢᠳᠠᠪᠤᠷᠢᠲᠠᠶ ᠲᠤᠭ᠎ᠠ | ᠪᠠᠷᠢᠮᠲᠠ ᠶᠢᠨ ᠲᠤᠯᠭᠠᠭᠤᠷᠢᠯᠠᠯ ᠬᠠᠩᠭᠠᠬᠤ ᠶᠢᠨ ᠲᠥᠯᠥᠭᠡ ᠶᠤᠮ᠃ | ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠲᠤᠭᠤᠷᠢᠭ ᠤᠨ ᠡᠯ᠎ᠡ ᠪᠠᠯᠠ ᠣᠷᠣᠭᠤᠯᠤᠯᠲᠠ ᠶᠢᠨ ᠲᠥᠷᠥᠯ | ᠵᠦᠢᠯ ᠤᠨ ᠠᠵᠤ ᠠᠬᠤᠶᠢᠯᠠᠯ ᠬᠠᠷᠢᠭᠤᠴᠠᠯᠭ᠎ᠠ ᠶᠢᠨ ᠤᠬᠠᠮᠰᠠᠷ ᠢ ᠪᠠᠲᠤ ᠪᠣᠶ ᠪᠣᠯᠭᠠᠵᠤ᠂ ᠲᠤᠭ᠎ᠠ ᠪᠦᠷᠢᠳᠬᠡᠯ ᠤᠨ | ᠬᠦᠰᠦᠨᠦᠭᠲᠦ ᠶᠢ ᠲᠠᠭᠯᠠᠨ ᠮᠡᠳᠡᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠬᠠᠤᠯᠢ ᠶᠣᠰᠣᠭᠠᠷ ᠲᠤᠭ᠎ᠠ | ᠪᠦᠷᠢᠳᠬᠡᠯ ᠤᠨ ᠦᠵᠡᠯᠲᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠲᠦᠷᠢᠮ ᠤᠨ ᠱᠠᠭᠠᠷᠳᠠᠯᠭ᠎ᠠ ᠶᠢ ᠴᠢᠩᠭ᠎ᠠ | ᠵᠢᠷᠤᠮᠯᠠᠨ ᠪᠠᠯᠠ ᠣᠷᠣᠭᠤᠯᠤᠯᠲᠠ ᠶᠢᠨ ᠲᠤᠭ᠎ᠠ ᠪᠠᠷᠢᠮᠲᠠ ᠶᠢᠨ ᠪᠦᠷᠢᠳᠬᠡᠯ ᠢ ᠰᠠᠶᠢᠲᠤᠷ ᠬᠢᠵᠦ᠂ ᠰᠦᠯᠵᠢᠶᠡᠨ ᠳᠡᠭᠡᠷ᠎ᠡ | ᠰᠢᠭᠤᠳ ᠮᠡᠳᠡᠭᠦᠯᠬᠦ ᠶᠢ ᠴᠠᠭ ᠲᠤᠬᠠᠶ ᠳᠤᠨᠢ ᠣᠨᠣᠪᠴᠢᠲᠠᠶ ᠪᠠᠶᠢᠯᠭᠠᠬᠤ ᠶᠢ ᠪᠠᠲᠤᠯᠠᠵᠤ᠂ ᠲᠤᠭ᠎ᠠ ᠪᠠᠷᠢᠮᠲᠠ ᠶᠢᠨ | ᠦᠨᠡᠨ ᠪᠣᠳᠠᠲᠠᠶ ᠢᠲᠡᠭᠡᠮᠵᠢᠲᠡᠶ᠂ ᠦᠨᠳᠦᠰᠦ ᠪᠠᠷᠢᠮᠲᠠ ᠲᠠᠢ ᠪᠠᠶᠢᠬᠤ ᠶᠢ ᠪᠡᠶᠡᠯᠡᠭᠦᠯᠵᠦ᠂ ᠤᠳᠠ ᠲᠣᠭᠤᠷᠢᠭ ᠤᠨ | ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠠᠵᠤ ᠠᠬᠤᠶ ᠶᠢᠨ ᠬᠥᠭᠵᠢᠯᠲᠡ ᠶᠢᠨ ᠦᠨᠡᠨ ᠪᠣᠳᠠᠲᠠᠶ | ᠪᠠᠶᠢᠳᠠᠯ ᠢ ᠪᠥᠬᠦ ᠲᠠᠯ᠎ᠠ ᠪᠠᠷ᠂ ᠨᠠᠷᠢᠯᠢᠭ ᠣᠨᠣᠴᠠᠲᠠᠶ ᠪᠠᠷ ᠢᠯᠡᠷᠡᠭᠦᠯᠬᠦ ᠬᠡᠷᠡᠭᠲᠡᠶ ᠭᠡᠵᠠᠢ᠃ | ᠲᠣᠰ ᠤᠳᠠᠭᠠᠨ ᠤ ᠪᠣᠯᠪᠠᠰᠤᠷᠠᠭᠤᠯᠤᠯ ᠨᠢ ︽ᠲᠤᠰᠬᠠᠶ ᠰᠡᠳᠦᠪᠲᠦ ᠲᠠᠶᠢᠯᠤᠮᠵᠢ᠂ ᠮᠠᠳᠠᠭ ᠲᠠᠢ ᠠᠰᠠᠭᠤᠳᠠᠯ ᠢ | ᠲᠠᠶᠢᠯᠬᠤ᠂ ᠬᠠᠷᠢᠯᠴᠠᠨ ᠰᠣᠯᠢᠯᠴᠠᠬᠤ︾ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠤᠭ᠎ᠠ | ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠪᠠᠯᠠ ᠣᠷᠣᠭᠤᠯᠤᠯᠲᠠ ᠶᠢᠨ ᠲᠤᠭ᠎ᠠ ᠪᠦᠷᠢᠳᠬᠡᠯ ᠤᠨ | ᠲᠤᠰᠬᠠᠶ ᠮᠡᠷᠭᠡᠵᠢᠯ ᠤᠨ ᠮᠡᠳᠡᠯᠭᠡ ᠶᠢ ᠭᠦᠨᠵᠡᠭᠡᠶ ᠲᠠᠶᠢᠯᠪᠤᠷᠢᠯᠠᠵᠤ᠂ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ | ᠠᠵᠢᠯᠲᠠᠨ ᠢ ᠣᠨᠣᠪᠴᠢᠲᠠᠶ ᠵᠢᠯᠣᠭᠤᠳᠴᠤ᠂ ︽ᠬᠠᠤᠯᠢ ᠶᠣᠰᠣᠭᠠᠷ ᠪᠦᠷᠢᠳᠬᠡᠬᠦ᠂ ᠨᠢᠭᠡᠳᠬᠡᠪᠡᠰᠦ ᠵᠣᠬᠢᠬᠤ ᠶᠢ ᠨᠢ | ᠪᠦᠬᠦᠨ ᠢ ᠪᠦᠷᠢᠳᠬᠡᠬᠦ︾ ᠶᠢ ᠦᠨᠡᠨ ᠬᠦ ᠪᠡᠶᠡᠯᠡᠭᠦᠯᠵᠦ᠂ ᠪᠥᠬᠦ ᠲᠤᠭᠤᠷᠢᠭ ᠤᠨ ᠪᠠᠯᠠ ᠣᠷᠣᠭᠤᠯᠤᠯᠲᠠ ᠶᠢᠨ ᠲᠤᠭ᠎ᠠ | ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ᠃ |