ᠰᠠᠷ᠎ᠠ ᠶᠢᠨ ᠬᠥᠳᠡᠯᠮᠦᠷᠢ ᠬᠦᠴᠦᠨ ᠤ ᠪᠠᠶᠢᠴᠠᠭᠠᠯᠲᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ | ᠰᠢᠨ᠎ᠡ ᠪᠠᠶᠢᠳᠠᠯ ᠳᠣᠤᠷᠠᠬᠢ ᠬᠥᠳᠡᠯᠮᠦᠷᠢ ᠬᠦᠴᠦᠨ ᠤ ᠪᠠᠶᠢᠴᠠᠭᠠᠯᠲᠠ ᠶᠢᠨ ᠱᠠᠭᠠᠷᠳᠠᠯᠭ᠎ᠠ ᠳᠤ ᠲᠠᠰᠤᠷᠠᠯᠲᠠ ᠤᠢᠭᠡᠢ | ᠵᠣᠬᠢᠴᠠᠬᠤ ᠶᠢᠨ ᠲᠤᠰᠠᠳᠠ᠂ ᠬᠥᠳᠡᠯᠮᠦᠷᠢ ᠬᠦᠴᠦᠨ ᠤ ᠲᠤᠭ᠎ᠠ ᠪᠠᠷᠢᠮᠲᠠ ᠶᠢᠨ ᠪᠠᠶᠢᠴᠠᠭᠠᠯᠲᠠ ᠶᠢᠨ ᠶᠠᠰᠤ ᠴᠢᠨᠠᠷ ᠢ | ᠦᠨᠡᠨᠬᠦ ᠳᠡᠭᠡᠭᠰᠢᠯᠡᠬᠦᠯᠬᠦ ᠶᠢᠨ ᠲᠦᠯᠦᠭᠡ᠂ 3 ᠰᠠᠷ᠎ᠠ ᠶᠢᠨ 12 ᠤᠨ ᠡᠳᠦᠷ᠂ ᠦᠬᠠᠶ ᠬᠤᠲᠠ ᠶᠢᠨ ᠪᠠᠶᠢᠴᠠᠭᠠᠬᠤ | ᠠᠩᠭᠢ ᠶᠢᠨ ᠬᠥᠳᠡᠯᠮᠦᠷᠢ ᠬᠦᠴᠦᠨ ᠤ ᠪᠠᠶᠢᠴᠠᠭᠠᠯᠲᠠ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠸᠠᠩ ᠬᠠᠶ᠂ | ᠦᠬᠠᠶ ᠬᠤᠲᠠ ᠶᠢᠨ ᠪᠠᠶᠢᠴᠠᠭᠠᠬᠤ ᠠᠩᠭᠢ ᠶᠢᠨ ᠬᠥᠳᠡᠯᠮᠦᠷᠢ ᠬᠦᠴᠦᠨ ᠤ ᠪᠠᠶᠢᠴᠠᠭᠠᠯᠲᠠ ᠶᠢᠨ ᠠᠵᠢᠯ ᠤᠨ | ᠬᠠᠷᠢᠭᠤᠴᠠᠯᠭᠠᠲᠠᠨ ᠸᠠᠩ ᠶᠠ ᠺᠦᠨ ᠨᠠᠷ ᠤᠳᠠ ᠲᠣᠭᠤᠷᠢᠭ ᠤᠨ ᠪᠢᠨᠬᠠᠢ ᠨᠡᠶᠢᠭᠡᠮ ᠲᠣᠭᠤᠷᠢᠭ᠂ ᠰᠢᠨᠳᠠ ᠨᠡᠶᠢᠭᠡᠮ | ᠲᠣᠭᠤᠷᠢᠭ ᠤᠨ ᠪᠠᠶᠢᠴᠠᠭᠠᠯᠲᠠ ᠶᠢᠨ ᠥᠯᠢᠭᠡᠷ ᠴᠡᠭ ᠲᠤ ᠬᠦᠷᠴᠦ ᠬᠥᠳᠡᠯᠮᠦᠷᠢ ᠬᠦᠴᠦᠨ ᠤ ᠡᠷᠦᠬᠡ ᠳᠤ ᠬᠦᠷᠴᠦ | ᠪᠠᠷ᠎ᠠ ᠪᠣᠯᠵᠣ ᠰᠤᠷᠪᠤᠯᠵᠢᠯᠠᠬᠤ ᠵᠢᠴᠢ ᠬᠢᠨᠠᠨ ᠵᠢᠯᠣᠭᠤᠳᠬᠤ ᠠᠵᠢᠯ ᠥᠷᠨᠢᠭᠦᠯᠪᠡ᠃ ᠤᠳᠠ ᠲᠣᠭᠤᠷᠢᠭ ᠤᠨ | ᠬᠥᠳᠡᠯᠮᠦᠷᠢ ᠬᠦᠴᠦᠨ ᠤ ᠪᠠᠶᠢᠴᠠᠭᠠᠯᠲᠠ ᠶᠢᠨ ᠬᠠᠮᠢᠶ᠎ᠠ ᠪᠦᠬᠦᠢ ᠠᠵᠢᠯᠲᠠᠨ ᠪᠠᠷ᠎ᠠ ᠪᠣᠯᠪᠠ᠃ | ᠪᠠᠷ᠎ᠠ ᠪᠣᠯᠵᠤ ᠰᠤᠷᠪᠤᠯᠵᠢᠯᠠᠬᠤ ᠬᠤᠭᠤᠴᠠᠭᠠᠨ ᠳᠤ᠂ ᠸᠠᠩ ᠠᠩᠭᠢ ᠪᠠᠶᠢᠴᠠᠭᠠᠯᠲᠠ ᠶᠢᠨ ᠡᠷᠦᠬᠡ ᠲᠠᠢ | ᠳᠣᠲᠣᠨᠣ ᠪᠠᠷ ᠶᠠᠷᠢᠯᠴᠠᠵᠤ᠂ ᠡᠷᠦᠬᠡ ᠶᠢᠨ ᠬᠡᠷ ᠪᠦᠯᠢ ᠶᠢᠨ ᠠᠵᠢᠯ ᠣᠯᠭᠤᠯᠲᠠ ᠪᠠ ᠠᠮᠢᠳᠤᠷᠠᠯ ᠤᠨ ᠦᠨᠳᠦᠰᠦᠨ | ᠪᠠᠶᠢᠳᠠᠯ ᠢ ᠨᠠᠷᠢᠨ ᠠᠰᠠᠭᠤᠨ ᠯᠠᠪᠯᠠᠵᠤ᠂ ᠪᠠᠶᠢᠴᠠᠭᠠᠯᠲᠠ ᠶᠢᠨ ᠡᠷᠦᠬᠡ ᠶᠢᠨ ᠪᠥᠬᠦ ᠬᠦᠴᠦᠨ ᠢᠶᠠᠷ ᠢᠶᠠᠨ | ᠬᠠᠮᠵᠢᠯᠴᠠᠭᠰᠠᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠡᠭᠦᠨ ᠤ ᠬᠠᠮᠲᠤ᠂ ᠪᠠᠶᠢᠴᠠᠭᠠᠭᠴᠢ ᠶᠢᠨ ᠠᠰᠠᠭᠤᠯᠲᠠ | ᠳᠤᠷᠠᠳᠬᠤ ᠠᠷᠭ᠎ᠠ ᠬᠡᠯᠪᠡᠷᠢ ᠶᠢ ᠬᠦᠯᠢᠴᠡᠩᠭᠦᠶ ᠪᠠᠷ ᠠᠵᠢᠭᠯᠠᠵᠤ᠂ ᠪᠠᠶᠢᠴᠠᠭᠠᠭᠴᠢ ᠶᠢᠨ ᠵᠠᠩᠭᠢᠯᠠᠭ᠎ᠠ ᠶᠢᠨ ᠭᠦᠢᠴᠡᠳᠬᠡᠯ | ᠲᠤᠭ᠎ᠠ ᠳᠤ ᠣᠨᠣᠪᠴᠢᠲᠠᠶ ᠡᠰᠡᠬᠦ ᠶᠢ ᠣᠶᠢᠯᠠᠭᠠᠬᠤ ᠶᠢᠨ ᠬᠠᠮᠲᠤ ᠪᠠᠶᠢᠴᠠᠭᠠᠭᠴᠢ ᠶᠢᠨ ᠡᠷᠦᠬᠡ ᠳᠤ ᠬᠦᠷᠴᠦ | ᠪᠠᠶᠢᠴᠠᠭᠠᠯᠲᠠ ᠬᠢᠬᠦ ᠳᠤᠮᠳᠠ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ︽ᠨᠢᠭᠡ ᠳᠤ ᠨᠢᠭᠡ︾ | ᠵᠢᠯᠣᠭᠤᠳᠣᠯᠭ᠎ᠠ ᠬᠢᠵᠡᠶ᠃ | ᠸᠠᠩ ᠳ᠋ᠦᠢ ᠴᠢᠬᠤᠯᠠᠴᠢᠯᠠᠭᠰᠠᠨ ᠨᠢ ᠬᠥᠳᠡᠯᠮᠦᠷᠢ ᠬᠦᠴᠦᠨ ᠳᠤ ᠪᠠᠶᠢᠴᠠᠭᠠᠯᠲᠠ ᠬᠢᠬᠦ ᠪᠣᠯ ᠨᠢᠭᠡ ᠵᠦᠢᠯ ᠤᠨ | ᠴᠢᠬᠤᠯᠠ ᠠᠷᠠᠳ ᠤᠨ ᠠᠮᠢᠳᠤᠷᠠᠯ ᠤᠨ ᠲᠤᠭ᠎ᠠ ᠪᠦᠷᠢᠳᠬᠡᠯ ᠤᠨ ᠠᠵᠢᠯ ᠪᠣᠯᠤᠨ᠎ᠠ᠂ ᠰᠠᠭᠤᠷᠢ ᠪᠠᠭᠤᠷᠠᠢ ᠵᠠᠭᠪᠤᠷ ᠢ | ᠬᠢᠨᠠᠨ ᠵᠢᠯᠣᠭᠤᠳᠴᠤ ᠪᠠᠷ᠎ᠠ ᠪᠣᠯᠵᠤ ᠰᠤᠷᠪᠤᠯᠵᠢᠯᠠᠬᠤ ᠶᠢ ᠴᠢᠩᠭᠠᠳᠬᠠᠵᠤ᠂ ᠲᠤᠬᠠᠶᠢᠯᠠᠭᠰᠠᠨ ᠠᠵᠢᠯ ᠤᠨ | ᠪᠣᠯᠪᠠᠰᠤᠷᠠᠯ ᠤᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠪᠠᠶᠢᠴᠠᠭᠠᠭᠴᠢ ᠶᠢᠨ ᠬᠠᠷᠢᠭᠤᠴᠠᠯᠭᠠᠲᠤ ᠤᠬᠠᠮᠰᠠᠷ ᠢ | ᠴᠢᠩᠭᠠᠳᠬᠠᠬᠤ ᠬᠡᠷᠡᠭᠲᠡᠢ᠃ ᠨᠡᠶᠢᠭᠡᠮ ᠲᠣᠭᠤᠷᠢᠭ ᠤᠨ ᠪᠠᠶᠢᠴᠠᠭᠠᠯᠲᠠ ᠶᠢᠨ ᠠᠵᠢᠯᠲᠠᠨ ᠪᠣᠯ ᠲᠤᠭ᠎ᠠ ᠪᠠᠷᠢᠮᠲᠠ ᠨᠢ | ᠦᠨᠡᠨ ᠪᠣᠳᠠᠲᠠᠶ᠂ ᠣᠨᠣᠪᠴᠢᠲᠠᠶ᠂ ᠪᠦᠷᠢᠨ ᠪᠦᠲᠦᠨ᠂ ᠴᠠᠭ ᠲᠤᠬᠠᠶ ᠳᠤᠨᠢ ᠳᠡᠭᠡᠭᠰᠢ ᠮᠡᠳᠡᠭᠦᠯᠦᠭᠰᠡᠨ ᠨᠢᠭᠡᠳᠦᠭᠡᠷ | ᠹᠷᠣᠨᠲ ᠮᠥᠨ᠂ ᠬᠦᠢᠴᠡᠳᠭᠡᠯ ᠲᠤᠭ᠎ᠠ ᠨᠢᠭᠡᠪᠦᠷᠢ ᠳᠤ ᠲᠣᠳᠣᠷᠬᠠᠶ ᠪᠥᠭᠡᠳ ᠪᠠᠶᠢᠴᠠᠭᠠᠯᠲᠠ ᠶᠢᠨ ᠲᠦᠷᠢᠮ ᠪᠠ | ᠴᠤᠪᠤᠷᠠᠯ ᠢ ᠴᠢᠩᠭ᠎ᠠ ᠵᠢᠷᠤᠮᠯᠠᠨ ᠬᠥᠳᠡᠯᠮᠦᠷᠢ ᠬᠦᠴᠦᠨ ᠳᠤ ᠪᠠᠶᠢᠴᠠᠭᠠᠯᠲᠠ ᠬᠢᠬᠦ ᠠᠵᠢᠯ ᠢ ᠥᠷᠨᠢᠭᠦᠯᠬᠦ ᠬᠡᠷᠡᠭᠲᠡᠶ᠂ | ᠡᠨᠡ ᠨᠢ ᠠᠵᠢᠯ ᠣᠯᠭᠤᠯᠲᠠ ᠶᠢᠨ ᠪᠠᠶᠢᠳᠠᠯ ᠢ ᠣᠨᠣᠪᠴᠢᠲᠠᠶ ᠡᠵᠡᠮᠳᠡᠬᠦ᠂ ᠰᠢᠨᠵᠢᠯᠡᠬᠦ ᠤᠬᠠᠭᠠᠨᠴᠢ ᠵᠦᠶ ᠵᠣᠬᠢᠰᠲᠠᠶ | ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠲᠦᠢᠯ ᠤᠨ ᠴᠢᠬᠤᠯᠠ ᠠᠴᠢ | ᠬᠤᠯᠪᠣᠭᠳᠠᠯ ᠲᠠᠢ ᠶᠤᠮ᠃ | ᠲᠠᠷᠠᠭᠠᠴᠢ ᠶᠢᠨ ᠠᠯᠬᠤᠮ ᠳᠤ᠂ ᠤᠳᠠ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠲᠣᠰ | ᠤᠳᠠᠭᠠᠨ ᠤ ᠪᠠᠷ᠎ᠠ ᠪᠣᠯᠵᠣ ᠰᠤᠷᠪᠤᠯᠵᠢᠯᠠᠬᠤ ᠳᠤᠮᠳᠠ ᠢᠯᠡᠷᠡᠭᠦᠯᠦᠭᠰᠡᠨ ᠠᠰᠠᠭᠤᠳᠠᠯ ᠲᠠᠢ ᠤᠶᠠᠯᠳᠤᠭᠤᠯᠤᠨ᠂ | ᠬᠥᠳᠡᠯᠮᠦᠷᠢ ᠬᠦᠴᠦᠨ ᠤ ᠪᠠᠶᠢᠴᠠᠭᠠᠯᠲᠠ ᠶᠢᠨ ᠠᠵᠢᠯ ᠳᠤ ᠬᠢᠨᠠᠯᠲᠠ ᠲᠠᠯᠪᠢᠬᠤ ᠪᠠ ᠵᠢᠯᠣᠭᠤᠳᠬᠤ ᠶᠢ ᠦᠷᠭᠦᠯᠵᠢᠯᠡᠨ | ᠴᠢᠩᠭᠠᠳᠬᠠᠵᠤ᠂ ᠬᠥᠳᠡᠯᠮᠦᠷᠢ ᠬᠦᠴᠦᠨ ᠤ ᠬᠠᠮᠢᠶ᠎ᠠ ᠪᠥᠬᠦᠶ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠣᠨᠣᠪᠴᠢᠲᠠᠶ | ᠳᠡᠭᠡᠭᠰᠢ ᠮᠡᠳᠡᠭᠦᠯᠵᠦ᠂ ᠬᠥᠳᠡᠯᠮᠦᠷᠢ ᠬᠦᠴᠦᠨ ᠤ ᠪᠠᠶᠢᠴᠠᠭᠠᠯᠲᠠ ᠶᠢᠨ ᠠᠵᠢᠯ ᠳᠤ ᠪᠦᠷᠢᠨ ᠲᠡᠭᠦᠯᠳᠡᠷ | ᠬᠠᠷᠢᠭᠤᠯᠲᠠ ᠶᠢᠨ ᠬᠠᠭᠤᠳᠠᠰᠤ ᠲᠤᠰᠢᠶᠠᠬᠤ ᠪᠣᠯᠤᠨ᠎ᠠ᠃ | |