ᠤᠳᠠ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠠᠮ ᠤᠨ ᠡᠭᠦᠷ 2024 ᠣᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠪᠠ ᠨᠠᠮ ᠤᠨ ᠭᠡᠰᠢᠭᠦᠨ ᠢ ᠠᠷᠠᠳᠴᠢᠯᠠᠯ ᠢᠶᠠᠷ ᠦᠨᠡᠯᠡᠬᠦ ᠠᠵᠢᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/12
       3 ᠰᠠᠷ᠎ᠠ ᠶᠢᠨ 12 ᠤᠨ ᠡᠳᠦᠷ᠂ ᠤᠳᠠ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠠᠮ ᠤᠨ ᠡᠭᠦᠷ ᠪᠥᠬᠦ ᠨᠠᠮ ᠤᠨ ᠭᠡᠰᠢᠭᠦᠨ ᠤ ᠶᠡᠭᠡ ᠬᠤᠷᠠᠯ ᠢ ᠬᠤᠷᠠᠯᠳᠤᠭᠤᠯᠵᠤ᠂ 2024 ᠣᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠪᠠ ᠨᠠᠮ ᠤᠨ ᠭᠡᠰᠢᠭᠦᠨ ᠢ ᠠᠷᠠᠳᠴᠢᠯᠠᠯ ᠢᠶᠠᠷ ᠦᠨᠡᠯᠡᠬᠦ ᠠᠵᠢᠯ ᠢ ᠥᠷᠨᠢᠭᠦᠯᠵᠦ᠂ ᠨᠠᠮ ᠤᠨ ᠡᠭᠦᠷ ᠤᠨ ᠱᠦᠵᠢ ᠭᠦᠸᠧ ᠶᠠᠨ ᠷᠦᠢ ᠬᠤᠷᠠᠯ ᠢ ᠡᠷᠭᠢᠯᠡᠵᠦ᠂ ᠪᠥᠬᠦ ᠨᠠᠮ ᠤᠨ ᠭᠡᠰᠢᠭᠦᠨ ᠨᠥᠬᠦᠳ ᠬᠤᠷᠠᠯ ᠳᠤ ᠣᠷᠣᠯᠴᠠᠵᠠᠶ᠃      ᠬᠤᠷᠠᠯ ᠠᠴᠠ ᠡᠮᠦᠨ᠎ᠡ᠂ ᠲᠣᠪᠴᠢᠶᠠᠨ ᠤ ᠨᠠᠮ ᠤᠨ ᠡᠭᠦᠷ ᠣᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠬᠤᠷᠠᠯᠳᠤᠭᠤᠯᠬᠤ ᠲᠤᠬᠠᠶ ᠪᠠᠶᠢᠷᠢᠯᠠᠭᠤᠯᠤᠯᠲᠠ ᠬᠢᠵᠦ᠂ ᠬᠤᠷᠠᠯ ᠠᠴᠠ ᠡᠮᠦᠨᠡᠬᠢ ᠣᠨᠣᠯ ᠤᠨ ᠰᠤᠷᠤᠯᠴᠠᠯᠭ᠎ᠠ᠂ ᠰᠡᠳᠬᠢᠯ ᠤᠨ ᠦᠭᠡ ᠪᠠᠨ ᠶᠠᠷᠢᠯᠴᠠᠬᠤ ᠶᠢ ᠵᠣᠬᠢᠶᠠᠨ ᠪᠠᠶᠢᠭᠤᠯᠤᠨ ᠥᠷᠨᠢᠭᠦᠯᠦᠭᠰᠡᠨ ᠪᠥᠭᠡᠳ ᠡᠯ᠎ᠡ ᠨᠠᠮ ᠤᠨ ᠭᠡᠰᠢᠭᠦᠨ ᠤ ᠨᠠᠮ ᠤᠨ ᠡᠭᠦᠷ ᠤᠨ ᠠᠵᠢᠯ ᠤᠨ ᠲᠤᠬᠠᠶ ᠰᠠᠨᠠᠯ ᠢ ᠥᠷᠭᠡᠨ ᠢᠶᠠᠷ ᠬᠤᠷᠢᠶᠠᠵᠤ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠳᠤ ᠰᠠᠭᠤᠷᠢ ᠲᠠᠯᠪᠢᠪᠠ᠃ ᠬᠤᠷᠠᠯ ᠳᠡᠭᠡᠷ᠎ᠡ᠂ ᠭᠦᠸᠧ ᠶᠠᠨ ᠷᠦᠢ ᠨᠥᠬᠦᠷ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠠᠴᠠ ᠡᠮᠦᠨᠡᠬᠢ ᠪᠡᠯᠡᠳᠬᠡᠯ ᠪᠠᠶᠢᠳᠠᠯ ᠪᠣᠯᠤᠨ ᠳᠡᠭᠡᠷ᠎ᠡ ᠵᠢᠯ ᠤᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠡᠳᠡᠭᠳᠡᠵᠦ᠂ ᠨᠠᠮ ᠤᠨ ᠡᠭᠦᠷ ᠤᠨ ᠭᠡᠰᠢᠭᠦᠳ ᠤᠨ ᠬᠤᠷᠠᠯ ᠢ ᠲᠥᠯᠥᠭᠡᠯᠡᠨ 2024 ᠣᠨ ᠤ ᠨᠠᠮ ᠤᠨ ᠡᠭᠦᠷ ᠤᠨ ᠠᠵᠢᠯ ᠤᠨ ᠪᠠᠶᠢᠳᠠᠯ ᠢ ᠮᠡᠳᠡᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ ᠦᠨᠡᠯᠡᠯᠲᠡ ᠶᠢ ᠬᠦᠯᠢᠶᠡᠪᠡ᠃ ᠳᠠᠷᠠᠭ᠎ᠠ ᠨᠢ᠂ ᠪᠥᠬᠦ ᠨᠠᠮ ᠤᠨ ᠭᠡᠰᠢᠭᠦᠳ ᠨᠢᠭᠡᠳ ᠨᠢᠭᠡ ᠪᠠᠷ ᠬᠠᠷᠢᠴᠠᠭᠤᠯᠤᠨ ᠪᠠᠶᠢᠴᠠᠭᠠᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠥᠷᠨᠢᠭᠦᠯᠵᠦ᠂ ᠠᠰᠠᠭᠤᠳᠠᠯ ᠪᠠ ᠬᠦᠷᠦᠯᠴᠡᠬᠦ ᠥᠬᠡᠶ ᠲᠠᠯ᠎ᠠ ᠶᠢ ᠦᠨᠡᠨ ᠠᠴᠠ ᠵᠥᠪ ᠢ ᠡᠷᠢᠵᠦ ᠵᠢᠭᠠᠨ ᠭᠠᠷᠭᠠᠵᠤ᠂ ᠰᠢᠭᠦᠮᠵᠢᠯᠡᠯ ᠰᠠᠨᠠᠯ ᠢ ᠦᠨᠡᠨ ᠰᠡᠳᠬᠢᠯ ᠠᠴᠠ ᠪᠠᠨ ᠭᠥᠯᠢᠶᠡᠨ ᠠᠪᠴᠤ᠂ ᠬᠠᠷᠢᠯᠴᠠᠨ ᠬᠠᠪᠰᠤᠷᠤᠯᠴᠠᠬᠤ᠂ ᠬᠠᠷᠢᠯᠴᠠᠨ ᠳᠡᠭᠡᠭᠰᠢᠯᠡᠭᠦᠯᠬᠦ᠂ ᠪᠦᠯᠬᠦᠮᠳᠡᠯ ᠢᠶᠠᠨ ᠴᠢᠩᠭᠠᠳᠬᠠᠬᠤ᠂ ᠠᠵᠢᠯ ᠢᠶᠠᠨ ᠠᠬᠢᠭᠤᠯᠬᠤ ᠵᠣᠷᠢᠯᠭ᠎ᠠ ᠳᠠᠭᠠᠨ ᠦᠨᠡᠨ ᠬᠦ ᠭᠦᠷᠦᠭᠰᠡᠨ ᠪᠠᠶᠢᠨ᠎ᠠ᠃ ᠬᠤᠷᠠᠯ ᠠᠴᠠ ᠪᠠᠰᠠ ᠨᠠᠮ ᠤᠨ ᠭᠡᠰᠢᠭᠦᠨ ᠢ ᠠᠷᠠᠳᠴᠢᠯᠠᠯ ᠢᠶᠠᠷ ᠦᠨᠡᠯᠡᠬᠦ ᠠᠵᠢᠯ ᠢ ᠬᠢᠵᠦ᠂ 3 ᠨᠥᠬᠦᠷ 2024 ᠣᠨ ᠤ ᠰᠢᠯᠢᠳᠡᠭ ᠡᠪ ᠬᠠᠮᠲᠤ ᠨᠠᠮ ᠤᠨ ᠭᠡᠰᠢᠭᠦᠨ ᠢᠶᠠᠷ ᠦᠨᠡᠯᠡᠭᠳᠡᠪᠡ᠃ ᠡᠴᠦᠰ ᠲᠤ᠂ ᠭᠦᠸᠧ ᠶᠠᠨ ᠷᠦᠢ ᠨᠥᠬᠦᠷ ᠬᠤᠷᠠᠯ ᠤᠨ ᠪᠠᠶᠢᠳᠠᠯ ᠳᠤ ᠦᠨᠡᠯᠡᠯᠲᠡ ᠬᠢᠬᠦ ᠶᠢᠨ ᠬᠠᠮᠲᠤ ᠳᠠᠷᠠᠭᠠᠴᠢ ᠶᠢᠨ ᠠᠯᠬᠤᠮ ᠤᠨ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠲᠤᠭ᠎ᠠ ᠪᠦᠷᠢᠳᠬᠡᠯ ᠤᠨ ᠠᠵᠢᠯ ᠳᠠᠬᠢ ᠨᠠᠮ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ᠂ ᠤᠨᠤᠯ ᠤᠨ ᠰᠤᠷᠤᠯᠴᠠᠯᠭ᠎ᠠ ᠶᠢ ᠤᠷᠳᠤ ᠬᠤᠭᠤᠴᠠᠭ᠎ᠠ ᠪᠠᠷ ᠴᠢᠩᠭᠠᠳᠬᠠᠬᠤ ᠬᠡᠷᠡᠭᠲᠡᠢ᠃ ︽ᠰᠤᠷᠤᠯᠴᠠᠬᠤ︾ ᠳᠡᠭᠡᠷ᠎ᠡ ᠬᠦᠴᠦ ᠲᠠᠯᠪᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠵᠦᠢᠯ ᠤᠨ ᠬᠡᠯᠪᠡᠷᠢ ᠪᠠᠷ ᠤᠨᠤᠯ ᠤᠨ ᠰᠤᠷᠤᠯᠴᠠᠯᠭ᠎ᠠ ᠪᠠᠨ ᠴᠢᠩᠭᠠᠳᠬᠠᠵᠤ᠂ ᠤᠨᠤᠯ ᠤᠨ ᠰᠤᠷᠤᠯᠴᠠᠯᠭ᠎ᠠ ᠶᠢ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ᠂ ᠠᠵᠢᠯ ᠬᠢᠵᠦ ᠦᠢᠯᠡᠰ ᠪᠤᠰᠬᠠᠬᠤ ᠦᠵᠡᠯ ᠰᠠᠨᠠᠭᠠᠨ ᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ︔ ︽ᠦᠢᠯᠡᠳᠦᠯᠭᠡᠵᠢᠭᠦᠯᠬᠦ︾ ᠳᠡᠭᠡᠷ᠎ᠡ ᠬᠦᠴᠦ ᠲᠠᠯᠪᠢᠵᠤ᠂ ᠨᠠᠮ ᠤᠨ ᠳᠣᠲᠣᠭᠠᠳᠤ ᠶᠢᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠲᠦᠷᠢᠮ ᠢ ᠴᠢᠩᠭ᠎ᠠ ᠨᠢᠮᠪᠠᠢ ᠨᠠᠶᠢᠳᠠᠪᠤᠷᠢᠵᠢᠭᠤᠯᠵᠤ᠂ ᠨᠠᠮ ᠤᠨ ᠡᠭᠦᠷ ᠤᠨ ᠨᠢᠭᠲᠠᠷᠠᠯ ᠤᠨ ᠬᠦᠴᠦᠨ ᠪᠣᠯᠤᠨ ᠲᠠᠶᠢᠴᠢᠨ ᠬᠦᠴᠦᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠠᠵᠢᠯᠯᠠᠭ᠎ᠠ ᠶᠢᠨ ᠠᠴᠢᠶᠠᠯᠠᠪᠤᠷᠢ ᠶᠢ ᠲᠠᠰᠤᠷᠠᠯᠳᠠ ᠦᠭᠡᠢ ᠪᠠᠶᠠᠯᠢᠭᠵᠢᠭᠤᠯᠬᠤ ᠶᠢ ᠬᠦᠳᠦᠯᠦᠨ ᠵᠢᠯᠣᠭᠤᠳᠬᠤ ᠬᠡᠷᠡᠭᠲᠡᠢ︔ ︽ᠠᠵᠢᠯᠯᠠᠬᠤ︾ ᠳᠡᠭᠡᠷ᠎ᠡ ᠦᠷ᠎ᠡ ᠪᠦᠲᠦᠮᠵᠢ ᠣᠯᠵᠤ᠂ ᠪᠦᠬᠦ ᠨᠠᠮ ᠤᠨ ᠭᠡᠰᠢᠭᠦᠨ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ ᠠᠵᠢᠯ ᠤᠨ ᠰᠤᠷᠲᠠᠯ ᠢᠶᠠᠨ ᠴᠢᠩᠭᠠᠳᠬᠠᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠶᠢ ᠴᠢᠩᠭ᠎ᠠ ᠠᠩᠬᠠᠷᠴᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠴᠢᠨᠠᠷ ᠰᠠᠶᠢᠲᠠᠢ ᠲᠤᠭ᠎ᠠ ᠪᠦᠷᠢᠳᠬᠡᠯ ᠤᠨ ᠦᠢᠯᠡᠴᠢᠯᠡᠭᠡ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠠᠢ᠃
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号