ᠶᠠᠨ ᠸᠧᠨ ᠯᠦᠩ ᠤᠰᠤ ᠠᠷᠪᠢᠯᠠᠬᠤ ᠠᠵᠢᠯᠯᠠᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠬᠤ ᠶᠢᠨ ᠬᠠᠮᠲᠤ ᠭᠤᠣᠯ ᠴᠠᠭᠳᠠᠪᠠ
ᠨᠡᠶᠢᠲᠡᠯᠡᠭᠰᠡᠨ ᠴᠠᠭ᠄
2025/3/13
      3 ᠰᠠᠷ᠎ᠠ ᠶᠢᠨ 12 ᠤᠨ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ ᠤᠰᠤ ᠠᠷᠪᠢᠯᠠᠬᠤ ᠠᠵᠢᠯᠯᠠᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠬᠤ ᠶᠢᠨ ᠬᠠᠮᠲᠤ ᠭᠤᠤᠯ ᠴᠠᠭᠳᠠᠬᠤ ᠠᠵᠢᠯ ᠢ ᠥᠷᠨᠢᠭᠦᠯᠪᠡ᠃ ᠲᠣᠭᠤᠷᠢᠭ ᠤᠨ ᠤᠳᠤᠷᠢᠳᠤᠯᠭ᠎ᠠ ᠬᠠᠨ ᡁᠢ ᠯᠢᠨ ᠣᠷᠣᠯᠴᠠᠪᠠ᠃      ᠶᠠᠨ ᠸᠧᠨ ᠯᠦᠩ ᠽᠧ ᠶᠤᠸᠠᠨ ᠰᠢᠨ᠎ᠡ ᠲᠣᠰᠬᠤᠨ ᠤ ᠤᠰᠤ ᠠᠪᠬᠤ ᠠᠮᠠᠰᠠᠷ᠂ ᠤᠰᠤ ᠲᠦᠭᠡᠭᠡᠬᠦ ᠦᠢᠯᠡᠳᠪᠦᠷᠢ ᠶᠢᠨ ᠠᠵᠢᠯᠯᠠᠭᠠᠨ ᠪᠣᠯᠤᠨ ᠱᠣᠷᠪᠣᠭ ᠤᠰᠤ ᠶᠢ ᠠᠰᠢᠭᠯᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠤᠰᠤ ᠠᠷᠪᠢᠯᠠᠬᠤ ᠤᠰᠤᠯᠠᠯᠲᠠ᠂ ᠮᠧᠢ ᠹᠠᠩ ᠨᠡᠭᠦᠷᠡᠰᠦ ᠬᠡᠦᠷᠰᠢᠭᠦᠯᠬᠦ ᠤᠰᠤ ᠠᠷᠪᠢᠯᠠᠬᠤ ᠠᠵᠢᠯᠯᠠᠭᠠᠨ ᠪᠣᠯᠤᠨ ᠬᠠᠭᠤᠷᠠᠢ ᠤᠨᠲᠠᠷᠠᠭᠠᠯᠲᠠ ᠶᠢᠨ ᠥᠭᠡᠷᠡᠴᠢᠯᠡᠯᠲᠡ ᠶᠢᠨ ᠠᠬᠢᠴᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ ᠬᠡᠯᠡᠭᠰᠡᠨ ᠨᠢ᠂ ᠤᠰᠤ ᠠᠷᠪᠢᠯᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠤᠳᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠰᠠᠶᠢᠲᠤᠷ ᠬᠡᠷᠡᠭᠯᠡᠬᠦ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠤᠰᠤᠨ ᠤ ᠡᠬᠢ ᠪᠠᠶᠠᠯᠢᠭ ᠢ ᠨᠠᠷᠢᠨ ᠨᠢᠮᠪᠠᠶ ᠲᠥᠯᠥᠪᠯᠡᠨ ᠰᠠᠶᠢᠲᠤᠷ ᠬᠡᠷᠡᠭᠯᠡᠬᠦ ᠬᠡᠷᠡᠭᠲᠡᠶ᠃ ᠤᠰᠤ ᠲᠠᠲᠠᠬᠤ ᠠᠮᠠᠰᠠᠷ ᠤᠨ ᠬᠥᠭᠡᠷᠭᠡ ᠶᠢᠨ ᠥᠷᠲᠡᠭᠡ ᠶᠢᠨ ᠴᠠᠬᠢᠯᠭᠠᠨ᠂ ᠤᠰᠤᠨ ᠤ ᠬᠡᠮᠵᠢᠭᠦᠷ ᠤᠨ ᠬᠡᠮᠵᠢᠯᠲᠡ᠂ ᠤᠰᠤᠨ ᠤ ᠲᠡᠩᠴᠡᠭᠦᠷᠢ ᠶᠢ ᠲᠥᠰᠦᠭᠡᠯᠡᠨ ᠪᠣᠳᠣᠬᠤ ᠵᠡᠷᠭᠡ ᠤᠰᠤ ᠲᠠᠲᠠᠬᠤ ᠡᠬᠡ ᠲᠠᠩᠰᠠ ᠶᠢ ᠲᠦᠷᠭᠡᠳᠬᠡᠨ ᠲᠡᠭᠦᠯᠳᠡᠷᠵᠢᠭᠦᠯᠵᠦ᠂ ᠴᠡᠭᠴᠡᠯᠡᠨ ᠰᠠᠶᠢᠵᠢᠷᠠᠭᠤᠯᠵᠤ ᠳ᠋ᠤᠭᠠᠷ ᠬᠠᠰᠤᠬᠤ ᠶᠢ ᠲᠦᠷᠭᠡᠳᠬᠡᠨ ᠪᠡᠶᠡᠯᠡᠭᠦᠯᠵᠦ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠪᠠ ᠲᠠᠷᠢᠶᠠᠯᠠᠬᠤ ᠴᠠᠭ ᠤᠨ ᠤᠰᠤᠯᠠᠯᠲᠠ ᠳᠤ ᠬᠡᠷᠡᠭᠯᠡᠬᠦ ᠤᠰᠤ ᠶᠢ ᠦᠨᠡᠨᠬᠦ ᠪᠠᠲᠤᠯᠠᠬᠤ ᠬᠡᠷᠡᠭᠲᠡᠶ᠃ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠲᠤᠨ ᠭᠤᠤᠯ ᠳᠠᠭᠠᠤ ᠶᠢᠨ ᠲᠣᠭᠤᠷᠢᠨ ᠪᠠᠶᠢᠴᠠᠭᠠᠬᠤ ᠤᠳᠠᠭ᠎ᠠ ᠪᠠ ᠡᠷᠴᠢᠮ ᠢᠶᠠᠨ ᠴᠢᠩᠭᠠᠷᠠᠭᠤᠯᠤᠨ᠂ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ᠂ ᠡᠯ᠎ᠡ ᠲᠥᠷᠥᠯ ᠤᠨ ᠤᠰᠤᠨ ᠤ ᠶᠠᠪᠤᠳᠠᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠤᠰᠤ ᠲᠦᠭᠡᠭᠡᠬᠦ ᠦᠢᠯᠡᠳᠪᠦᠷᠢ ᠶᠢᠨ ᠬᠠᠮᠢᠶᠠᠷᠤᠯᠲᠠ ᠠᠵᠢᠯᠯᠠᠭᠠᠨ ᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠱᠣᠷᠪᠣᠭ ᠤᠰᠤ ᠶᠢ ᠶᠡᠷᠦᠩᠬᠡᠶᠢᠯᠡᠨ ᠠᠰᠢᠭᠯᠠᠬᠤ ᠶᠢ ᠥᠷᠨᠢᠭᠦᠯᠵᠦ᠂ ᠪᠠᠶᠢᠴᠠᠭᠠᠨ ᠰᠢᠯᠭᠠᠭᠰᠠᠨ ᠮᠡᠳᠡᠭᠦᠯᠦᠯᠲᠡ ᠶᠢᠨ ᠲᠤᠭ᠎ᠠ ᠪᠠᠷᠢᠮᠲᠠ ᠶᠢᠨ ᠵᠠᠳᠠᠯᠤᠯᠲᠠ ᠶᠢ ᠰᠠᠶᠢᠲᠤᠷ ᠬᠢᠵᠦ᠂ ᠬᠤᠪᠢᠷᠠᠯᠲᠠ ᠲᠠᠢ ᠪᠣᠳᠠᠲᠠᠢ ᠦᠷ᠎ᠡ ᠪᠦᠲᠦᠮᠵᠢ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠲᠠᠷᠢᠶᠠᠯᠠᠩ ᠤᠨ ᠤᠰᠤ ᠠᠷᠪᠢᠯᠠᠬᠤ ᠮᠡᠷᠭᠡᠵᠢᠯ ᠢ ᠳᠡᠯᠭᠡᠷᠡᠭᠦᠯᠬᠦ ᠶᠢ ᠴᠢᠩᠭᠠᠳᠬᠠᠵᠤ᠂ ᠤᠰᠤᠯᠠᠯᠲᠠ ᠳᠤ ᠬᠡᠷᠡᠭᠯᠡᠬᠦ ᠤᠰᠤᠨ ᠤ ᠬᠡᠮᠵᠢᠶ᠎ᠡ ᠶᠢ ᠨᠠᠷᠢᠨ ᠨᠢᠮᠪᠠᠶ ᠲᠥᠯᠥᠪᠯᠡᠨ ᠲᠣᠬᠢᠷᠠᠭᠤᠯᠵᠤ᠂ ᠲᠠᠷᠢᠶᠠᠯᠠᠩ ᠤᠨ ᠤᠰᠤ ᠪᠠᠭ᠎ᠠ ᠬᠡᠷᠡᠭᠯᠡᠬᠦ᠂ ᠲᠠᠷᠢᠶᠠᠴᠢᠳ ᠢᠯᠡᠭᠦᠦ ᠠᠰᠢᠭ ᠤᠯᠬᠤ ᠶᠢ ᠪᠡᠶᠡᠯᠡᠭᠦᠯᠵᠦ᠂ ᠠᠷᠪᠢᠯᠠᠭᠰᠠᠨ ᠤᠰᠤᠨ ᠤ ᠡᠷᠬᠡ ᠪᠠᠨ ᠰᠢᠯᠵᠢᠭᠦᠯᠬᠦ ᠳᠤ ︽ᠣᠯᠠᠨ ᠲᠠᠯ᠎ᠠ ᠪᠠᠷ ᠢᠯᠠᠬᠤ︾ ᠶᠢ ᠪᠡᠶᠡᠯᠡᠭᠦᠯᠬᠦ ᠬᠡᠷᠡᠭᠲᠡᠶ᠃ ᠬᠠᠭᠤᠷᠠᠶ ᠬᠡᠤᠷᠡᠰᠦ ᠶᠢᠨ ᠲᠥᠷᠥᠯ ᠵᠦᠢᠯ ᠤᠨ ᠥᠭᠡᠷᠡᠴᠢᠯᠡᠯᠲᠡ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠡᠷᠭᠢᠯᠳᠡᠳᠦ ᠤᠰᠤ ᠶᠢ ᠰᠢᠢᠳᠪᠦᠷᠢᠯᠡᠬᠦ᠂ ᠬᠠᠶᠠᠭᠳᠠᠮᠠᠯ ᠤᠰᠤ ᠶᠢ ᠭᠦᠨᠵᠡᠭᠡᠶ ᠰᠢᠢᠳᠪᠦᠷᠢᠯᠡᠵᠦ ᠡᠭᠡᠭᠦᠯᠦᠨ ᠬᠡᠷᠡᠭᠯᠡᠬᠦ ᠵᠡᠷᠭᠡ ᠮᠡᠷᠭᠡᠵᠢᠯ ᠤᠨ ᠥᠭᠡᠷᠡᠴᠢᠯᠡᠯᠲᠡ ᠪᠠᠷ ᠳᠠᠮᠵᠢᠭᠤᠯᠤᠨ᠂ ᠠᠵᠤ ᠦᠢᠯᠡᠳᠪᠦᠷᠢ ᠶᠢᠨ ᠤᠰᠤ ᠠᠷᠪᠢᠯᠠᠬᠤ ᠰᠢᠰᠲ᠋ᠧᠮ ᠤᠨ ᠠᠵᠢᠯᠯᠠᠭᠠᠨ ᠤ ᠡᠨᠧᠷᠭᠢ ᠶᠢᠨ ᠠᠰᠢᠭᠯᠠᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠪᠣᠬᠢᠷᠲᠤᠯ ᠥᠬᠡᠶ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠠᠢ᠃   
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号