ᠤᠳᠠ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 153 ᠳ᠋ᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/17
      3 ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠡ᠂ ᠤᠳᠠ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 153 ᠳ᠋ᠤᠭᠠᠷ ᠬᠤᠷᠠᠯ ᠬᠤᠷᠠᠯᠳᠤᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠲᠤᠭᠤᠷᠢᠭ ᠤᠨ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ ᠬᠤᠷᠠᠯ ᠢ ᠡᠷᠭᠢᠯᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠲᠤᠭᠤᠷᠢᠭ ᠤᠨ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠤᠳᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠭᠠᠷᠭᠠᠬᠤ ᠬᠡᠷᠡᠭᠲᠡᠢ᠃ ᠬᠤᠶᠠᠷ ᠬᠤᠷᠠᠯ ᠠᠴᠠ ᠰᠤᠯᠠᠯᠠᠭᠰᠠᠨ ᠡᠯ᠎ᠡ ᠵᠦᠢᠯ ᠤᠨ ᠲᠦᠷᠦ ᠶᠢᠨ ᠪᠤᠳᠤᠯᠭ᠎ᠠ ᠰᠠᠶᠢᠨ ᠪᠠᠶᠢᠬᠤ ᠶᠢ ᠴᠢᠩᠭ᠎ᠠ ᠠᠩᠬᠠᠷᠴᠤ᠂ ᠪᠠᠷᠢᠮᠵᠢᠶ᠎ᠠ ᠲᠠᠢ ᠬᠠᠷᠢᠴᠠᠭᠤᠯᠤᠨ ᠬᠠᠷᠭᠤᠭᠤᠯᠵᠤ ᠪᠠᠶᠢᠭᠠᠳ ᠤᠳᠠ ᠶᠢᠨ ᠡᠯ᠎ᠡ ᠵᠦᠢᠯ ᠤᠨ ᠠᠵᠢᠯ ᠢ ᠠᠬᠢᠭᠤᠯᠬᠤ ᠭᠠᠷᠳᠠᠬᠤ ᠴᠡᠭ᠂ ᠤᠶᠠᠯᠳᠤᠯ ᠤᠨ ᠴᠡᠭ ᠢ ᠣᠨᠣᠪᠴᠢᠲᠠᠢ ᠣᠯᠵᠤ᠂ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ᠂ ᠳᠠᠷᠤᠯᠲᠠ ᠥᠭᠴᠦ ᠡᠷᠡᠯᠬᠡᠭᠯᠡᠨ ᠤᠷᠤᠭᠰᠢᠯᠠᠵᠤ᠂ ᠪᠦᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠰᠠᠶᠢᠲᠤᠷ ᠪᠡᠶᠡᠯᠡᠭᠦᠯᠵᠦ᠂ ᠦᠬᠠᠢ ᠶᠢᠨ ᠡᠬᠢ ᠪᠠᠶᠠᠯᠢᠭ ᠤᠨ ᠬᠡᠯᠪᠡᠷᠢ ᠶᠢᠨ ᠬᠤᠳᠠ ᠶᠢᠨ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠳᠤ  ᠨᠢᠭᠡ  ᠬᠤᠪᠢ  ᠤᠳᠠ ᠶᠢᠨ ᠰᠢᠯᠢᠳᠡᠭ ᠬᠠᠷᠢᠭᠤᠯᠲᠠ ᠶᠢᠨ ᠬᠠᠭᠤᠳᠠᠰᠤ  ᠲᠤᠰᠢᠶᠠᠬᠤ  ᠬᠡᠷᠡᠭᠲᠡᠢ  ᠭᠡᠵᠡᠢ᠃      ᠬᠤᠷᠠᠯ ᠠᠴᠠ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠪᠣᠯᠤᠨ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ᠰᠤᠷᠲᠠᠯ ᠤᠨ ᠪᠠᠶᠢᠭᠤᠯᠤᠯᠲᠠ ᠶᠢ ᠲᠤᠭᠤᠰᠢᠲᠠᠢ ᠬᠢᠵᠦ᠂ ᠰᠢᠯᠢᠳᠡᠭ ᠨᠠᠮ ᠤᠨ ᠰᠤᠷᠲᠠᠯ ᠵᠠᠰᠠᠭ ᠤᠨ ᠰᠤᠷᠲᠠᠯ ᠢᠶᠠᠷ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠢ ᠦᠷᠭᠦᠯᠵᠢᠯᠡᠨ ᠰᠠᠶᠢᠵᠢᠷᠠᠭᠤᠯᠬᠤ ᠶᠢ ᠬᠦᠳᠦᠯᠦᠨ ᠳᠠᠭᠠᠭᠤᠯᠬᠤ ᠬᠡᠷᠡᠭᠲᠡᠢ᠃      ᠬᠤᠷᠠᠯ ᠠᠴᠠ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ︽ᠵᠢᠷᠭᠤᠭᠠᠨ ᠠᠵᠢᠯᠯᠠᠭ᠎ᠠ︾ ᠵᠡᠷᠭᠡ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃   
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号