ᠶᠡᠷᠦᠩᠬᠡᠢ ᠪᠡᠯᠡ ᠣᠷᠣᠭᠤᠯᠤᠯᠲᠠ ᠨᠢ 7500 ᠲᠦᠮᠡᠨ ᠲᠥᠭᠦᠷᠢᠭ︕ ᠤᠳᠠ ᠲᠤᠭᠤᠷᠢᠭ ᠤᠨ ᠪᠠᠰᠠ ᠨᠢᠭᠡᠨ ᠭᠤᠤᠯᠳᠠᠯᠭ᠎ᠠ ᠲᠠᠢ ᠲᠥᠷᠥᠯ ᠵᠦᠢᠯ ᠤᠨ ᠠᠵᠢᠯ ᠡᠬᠢᠯᠡᠪᠡ
ᠨᠡᠶᠢᠲᠡᠯᠡᠭᠰᠡᠨ ᠴᠠᠭ᠄
2025/3/21
      3 ᠰᠠᠷ᠎ᠠ ᠶᠢᠨ 21 ᠤ ᠡᠳᠦᠷ᠂ ᠱᠧᠩ ᠸᠠᠩ ᠲᠠᠢ ︵ᠤᠳᠠ︶ ᠬᠢᠮᠢ ᠶᠢᠨ ᠠᠵᠤ ᠦᠢᠯᠡᠳᠪᠦᠷᠢ ᠶᠢᠨ ᠪᠠᠷᠠᠭᠠᠨ ᠤ ᠭᠦᠢᠯᠭᠡᠭᠡᠨ ᠤ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠤᠨ ᠲᠦᠷᠦᠯ ᠵᠦᠢᠯ ᠤᠨ ᠠᠵᠢᠯ ᠡᠬᠢᠯᠡᠭᠦᠯᠬᠦ ᠶᠣᠰᠣᠯᠠᠯ ᠤᠳᠠ ᠲᠣᠭᠤᠷᠢᠭ ᠲᠤ ᠶᠠᠪᠤᠭᠳᠠᠪᠠ᠃
36.jpg     
      ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 7500 ᠲᠦᠮᠡᠨ ᠲᠥᠭᠦᠷᠢᠭ ᠪᠠᠶᠢᠵᠤ᠂ ᠬᠦᠨᠳᠦ ᠲᠡᠷᠭᠡᠨ ᠵᠣᠭᠰᠣᠭᠠᠯ 18᠂ ᠠᠭᠠᠷ ᠤᠨ ᠲᠡᠷᠭᠡᠨ ᠵᠣᠭᠰᠣᠭᠠᠯ 94 ᠪᠠᠶᠢᠭᠤᠯᠵᠤ᠂ ᠬᠥᠬᠡ᠂ ᠬᠥᠬᠡᠭᠴᠢᠨ᠂ ᠤᠯᠠᠭᠠᠨ ᠰᠠᠩ ᠬᠥᠮᠥᠷᠭᠡ ᠨᠡᠶᠢᠲᠡ 5 ᠰᠠᠭᠤᠷᠢ ᠪᠠᠶᠢᠭᠤᠯᠤᠭᠰᠠᠨ ᠪᠥᠭᠡᠳ ᠤᠬᠢᠶᠠᠵᠤ ᠴᠡᠪᠡᠷᠯᠡᠬᠦ ᠦᠢᠯᠡᠳᠪᠦᠷᠢ ᠶᠢᠨ ᠲᠠᠰᠤᠭ᠂ ᠬᠡᠶ ᠨᠡᠮᠡᠬᠦ ᠥᠷᠲᠡᠭᠡ᠂ ᠲᠡᠷᠭᠡ ᠬᠥᠰᠬᠡ ᠶᠢ ᠪᠠᠶᠢᠴᠠᠭᠠᠨ ᠬᠡᠮᠵᠢᠬᠦ ᠵᠢᠴᠢ ᠰᠡᠯᠪᠢᠨ ᠵᠠᠰᠠᠬᠤ ᠦᠢᠯᠡᠳᠪᠦᠷᠢ ᠶᠢᠨ ᠲᠠᠰᠤᠭ᠂ ᠲᠥᠬᠦᠭᠡᠷᠦᠮᠵᠢ ᠶᠢᠨ ᠬᠡᠷ ᠵᠡᠷᠭᠡ ᠶᠢ ᠢᠵᠢ ᠪᠥᠷᠢᠳᠦᠭᠦᠯᠦᠨ ᠪᠥᠲᠥᠭᠡᠨ ᠪᠠᠶᠢᠭᠤᠯᠵᠤ᠂ ᠵᠢᠱᠢᠯᠲᠡ ᠪᠠᠷ 2025 ᠣᠨ ᠤ 10 ᠰᠠᠷ᠎ᠠ ᠳᠤ ᠠᠰᠢᠭᠯᠠᠯᠲᠠ ᠳᠤ ᠣᠷᠣᠭᠤᠯᠤᠨ᠎ᠠ᠃ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠣᠶᠤᠨᠴᠢ ᠡᠵᠡᠩᠨᠡᠯᠲᠡ ᠶᠢᠨ ᠰᠢᠰᠲ᠋ᠧᠮ ᠢᠶᠠᠷ ᠳᠠᠮᠵᠢᠭᠤᠯᠤᠨ᠂ ᠠᠶᠤᠯᠲᠠᠶ ᠬᠢᠮᠢ ᠶᠢᠨ ᠪᠣᠳᠠᠰ ᠤᠨ ᠲᠡᠷᠭᠡ ᠬᠥᠰᠬᠡ ᠶᠢᠨ ᠠᠮᠤᠷ ᠲᠦᠪᠰᠢᠨ ᠤ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠠᠶᠤᠯᠲᠠᠶ ᠬᠢᠮᠢ ᠶᠢᠨ ᠪᠣᠳᠠᠰ ᠤᠨ ᠲᠡᠭᠡᠭᠡᠪᠦᠷᠢ ᠶᠢᠨ ᠲᠡᠷᠭᠡ ᠬᠥᠰᠬᠡ ᠶᠢᠨ ᠬᠦᠷᠢᠶᠡᠯᠡᠩ ᠳᠤ ᠣᠷᠣᠬᠤ ᠪᠥᠬᠦ ᠶᠠᠪᠤᠴᠠ ᠶᠢ ᠬᠢᠨᠠᠨ ᠡᠵᠡᠮᠳᠡᠬᠦ ᠶᠢ ᠴᠢᠩᠭᠠᠷᠠᠭᠤᠯᠤᠨ᠂ ᠵᠠᠮ ᠬᠠᠷᠢᠯᠴᠠᠭᠠᠨ ᠤ ᠠᠮᠤᠷ ᠲᠦᠪᠰᠢᠨ ᠤ ᠲᠦᠭᠰᠢᠭᠦᠷᠢ ᠶᠢ ᠠᠷᠢᠯᠭᠠᠵᠤ᠂ ᠤᠳᠠ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠵᠠᠮ ᠨᠡᠪᠲᠡᠷᠡᠯᠭᠡ ᠶᠢᠨ ᠴᠢᠳᠠᠪᠤᠷᠢ ᠶᠢ ᠳᠡᠭᠡᠭᠰᠢᠯᠡᠭᠦᠯᠵᠦ ᠪᠣᠯᠤᠨ᠎ᠠ᠃
37.png     
      ᠳᠠᠷᠠᠭᠠᠴᠢ ᠶᠢᠨ ᠠᠯᠬᠤᠮ ᠳᠤ᠂ ᠤᠳᠠ ᠲᠣᠭᠤᠷᠢᠭ ᠭᠤᠣᠯᠳᠠᠯᠭ᠎ᠠ ᠲᠠᠢ ᠲᠦᠷᠦᠯ ᠵᠦᠢᠯ ᠢ ᠲᠥᠯᠥᠪᠵᠢᠭᠦᠯᠬᠦ ᠠᠵᠢᠯᠯᠠᠭ᠎ᠠ ᠪᠣᠯᠤᠨ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠵᠣᠬᠢᠶᠠᠨ ᠪᠠᠶᠢᠭᠤᠯᠤᠨ ᠥᠷᠨᠢᠭᠦᠯᠵᠦ᠂ ᠦᠬᠠᠢ ᠬᠤᠳᠠ ᠶᠢᠨ ︽ᠠᠷᠪᠠᠨ ᠵᠦᠢᠯ ᠤᠨ ᠭᠤᠣᠯᠳᠠᠯᠭ᠎ᠠ ᠲᠠᠢ ᠠᠵᠢᠯ︾ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠵᠤ ᠠᠬᠤᠶᠢᠯᠠᠯ ᠤᠨ ᠬᠥᠭᠵᠢᠯᠲᠡ ᠶᠢᠨ ︽ᠡᠪᠡᠷᠰᠢᠶᠡᠯ︾︽ᠬᠦᠴᠢᠷᠳᠡᠯ︾︽ᠲᠦᠭᠵᠢᠷᠡᠯ︾ ᠳᠤ ᠠᠩᠬᠠᠷᠤᠯ ᠢᠶᠠᠨ ᠲᠥᠪᠯᠡᠷᠡᠭᠦᠯᠵᠦ᠂ ᠤᠨᠢᠨ ᠳᠡᠭᠡᠷ᠎ᠡ ᠨᠢ ᠬᠦᠷᠴᠦ ᠦᠢᠯᠡᠴᠢᠯᠡᠬᠦ ᠪᠠ ᠪᠦᠬᠦ ᠦᠶᠡᠯᠡᠯ ᠤᠨ ᠬᠤᠭᠤᠴᠠᠭᠠᠨ ᠤ ᠡᠯᠧᠮᠧᠨ᠋ᠲ ᠤᠨ ᠪᠠᠲᠤᠯᠠᠭ᠎ᠠ ᠬᠠᠩᠭᠠᠵᠤ᠂ ᠪᠠᠶᠢᠭᠤᠯᠵᠤ ᠪᠠᠶᠢᠭ᠎ᠠ ᠲᠦᠷᠦᠯ ᠵᠦᠢᠯ ᠢ ᠲᠦᠷᠭᠡᠨ ᠳᠠᠭᠤᠰᠬᠠᠵᠤ᠂ ᠪᠠᠷᠢᠯᠭ᠎ᠠ ᠳᠠᠭᠤᠰᠤᠭᠰᠠᠨ ᠲᠦᠷᠦᠯ ᠵᠦᠢᠯ ᠢ ᠲᠦᠷᠭᠡᠨ ᠠᠰᠢᠭᠯᠠᠯᠲᠠ ᠳᠤ ᠣᠷᠣᠭᠤᠯᠵᠤ᠂ ᠤᠳᠠ ᠶᠢᠨ ᠠᠵᠤ ᠠᠬᠤᠢ ᠶᠢᠨ ᠦᠷᠭᠦᠯᠵᠢᠯᠡᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠨ᠎ᠡ᠃   
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号