ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ︽2025 ᠣᠨ ᠤ ᠤᠳᠠ ᠲᠣᠭᠤᠷᠢᠭ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠯᠡᠭᠡ ᠶᠢᠨ ᠪᠢᠴᠢᠭ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2025/3/21
ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ︽2025 ᠣᠨ ᠤ ᠤᠳᠠ ᠲᠣᠭᠤᠷᠢᠭ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠯᠡᠭᠡ ᠶᠢᠨ ᠪᠢᠴᠢᠭ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠄      ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠬᠢᠷᠠᠭᠤᠯᠤᠯᠲᠠ ᠶᠣᠰᠣᠭᠠᠷ᠂ ︽2025 ᠣᠨ ᠤ ᠤᠳᠠ ᠲᠣᠭᠤᠷᠢᠭ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠯᠡᠭᠡ ᠶᠢᠨ ᠪᠢᠴᠢᠭ︾ ᠢ ᠨᠢᠭᠡᠨᠲᠡ ᠲᠤᠭᠤᠷᠢᠭ ᠤᠨ ᠵᠠᠰᠠᠭ ᠤᠨ ᠣᠷᠳᠣᠨ ᠰᠤᠳᠤᠯᠤᠨ ᠵᠥᠪᠰᠢᠶᠡᠷᠡᠵᠦ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠡᠯ᠎ᠡ ᠬᠠᠷᠢᠭᠤᠴᠠᠯᠭᠠᠲᠤ ᠨᠢᠭᠡᠴᠡ ᠣᠨ᠂ ᠤᠯᠠᠷᠢᠯ ᠤᠨ ᠬᠠᠷᠠᠯᠲᠠ ᠡᠭᠦᠷᠭᠡ ᠶᠢᠨ ᠶᠣᠰᠣᠭᠠᠷ᠂ ᠨᠠᠶᠢᠳᠠᠪᠤᠷᠢᠵᠢᠭᠤᠯᠤᠯᠲᠠ ᠶᠢ ᠦᠨᠡᠨ ᠬᠦ ᠰᠠᠶᠢᠲᠤᠷ ᠠᠳᠬᠤᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠪᠣᠳᠠᠲᠠᠶ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠪᠠᠲᠤᠯᠠᠬᠤ ᠬᠡᠷᠡᠭᠲᠡᠶ᠃                                          2025 ᠣᠨ ᠤ 1 ᠰᠠᠷ᠎ᠠ ᠶᠢᠨ 21 ᠤ ᠡᠳᠦᠷ2025 ᠣᠨ ᠤ ᠤᠳᠠ ᠲᠣᠭᠤᠷᠢᠭ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠯᠡᠭᠡ ᠶᠢᠨ ᠪᠢᠴᠢᠭ      ᠨᠢᠭᠡ᠂ ᠤᠳᠠ ᠲᠣᠭᠤᠷᠢᠭ ᠤᠨ ᠨᠠᠶᠢᠳᠠᠨ ᠬᠥᠮᠦᠵᠢᠭᠦᠯᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠲᠥᠷᠥᠯ ᠵᠦᠢᠯ      ︵ᠨᠢᠭᠡ︶ ᠰᠡᠳᠦᠪ ᠤᠨ ᠠᠭᠤᠯᠭ᠎ᠠ      ᠲᠣᠰ ᠲᠥᠷᠥᠯ ᠵᠦᠢᠯ ᠨᠢ ᠭᠤᠤᠯᠳᠠᠭᠤ ᠤᠳᠠ ᠲᠣᠭᠤᠷᠢᠭ ᠤᠨ ᠮᠢᠨᠳᠠ ᠵᠡᠭᠡᠯᠢ ᠪᠣᠯᠤᠨ ᠪᠦᠯᠬᠦᠮᠳᠡᠯ ᠵᠠᠮ ᠤᠨ ᠲᠣᠨᠣᠯᠵᠢᠨ ᠵᠠᠮ ᠤᠨ ᠠᠭᠤᠯᠵᠠᠷ ᠤᠨ ᠪᠠᠷᠠᠭᠤᠨ ᠡᠮᠦᠨ᠎ᠡ ᠥᠨᠴᠥᠭ ᠲᠤ ᠬᠡᠦᠬᠡᠳ ᠰᠠᠭᠠᠲᠠᠭᠤᠯᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠪᠠᠶᠢᠭᠤᠯᠵᠤ᠂ ᠬᠦᠷᠢᠶ᠎ᠡ ᠬᠡᠷᠡᠮ᠂ ᠲᠠᠯᠠᠪᠤᠷ ᠳᠣᠲᠣᠷᠠᠬᠢ ᠵᠠᠮ᠂ ᠲᠠᠯᠠᠪᠤᠷ ᠬᠦᠷᠢᠶᠡᠯᠡᠩ ᠤᠨ ᠬᠠᠲᠠᠭᠤᠷᠠᠭᠤᠯᠤᠨ ᠨᠣᠭᠤᠭᠠᠷᠠᠭᠤᠯᠬᠤ᠂ ᠤᠰᠤ ᠬᠠᠩᠭᠠᠬᠤ ᠤᠰᠤ ᠵᠠᠯᠠᠬᠤ᠂ ᠢᠯᠴᠢ ᠬᠠᠩᠭᠠᠬᠤ᠂ ᠴᠠᠬᠢᠯᠭᠠᠨ ᠬᠦᠴᠦᠨ ᠴᠠᠬᠢᠯᠭᠠᠨ ᠬᠤᠯᠪᠣᠭ᠎ᠠ ᠵᠡᠷᠭᠡ ᠢᠵᠢ ᠪᠥᠷᠢᠳᠦᠭᠰᠡᠨ ᠰᠠᠭᠤᠷᠢ ᠲᠥᠬᠦᠭᠡᠷᠦᠮᠵᠢ ᠶᠢ ᠪᠠᠭᠲᠠᠭᠠᠵᠤ᠂ ᠶᠡᠷᠦᠩᠬᠡᠶ ᠪᠠᠷᠢᠯᠭ᠎ᠠ ᠶᠢᠨ ᠲᠠᠯᠠᠪᠠᠶ ᠨᠢ 3610.86 ᠲᠡᠭᠰᠢ ᠳᠥᠷᠪᠡᠯᠵᠢᠨ ᠮᠧᠲᠷ᠂ 140 ᠪᠠᠶᠢᠷᠢ ᠲᠣᠬᠢᠷᠠᠭᠤᠯᠵᠠᠶ᠃      ︵ᠬᠤᠶᠠᠷ︶ ᠪᠡᠯᠡ ᠣᠷᠣᠭᠤᠯᠬᠤ ᠲᠥᠯᠥᠪᠯᠡᠭᠡ      ᠲᠥᠷᠥᠯ ᠵᠦᠢᠯ ᠤᠨ ᠵᠢᠱᠢᠯᠲᠡ ᠪᠠᠷ ᠶᠡᠷᠦᠩᠬᠡᠶ ᠪᠡᠯᠡ ᠣᠷᠣᠭᠤᠯᠤᠯᠲᠠ ᠨᠢ 1800 ᠲᠦᠮᠡᠨ ᠲᠥᠭᠦᠷᠢᠭ ᠪᠠᠶᠢᠵᠤ᠂ ᠪᠡᠯᠡ ᠮᠥᠩᠭᠦ ᠶᠢᠨ ᠢᠷᠡᠯᠲᠡ ᠨᠢ ᠳᠡᠭᠡᠳᠦ ᠱᠠᠲᠤᠨ ᠤ ᠪᠡᠯᠡ ᠮᠥᠩᠭᠦ ᠪᠠ ᠣᠷᠣᠨ ᠨᠤᠲᠤᠭ ᠤᠨ ᠡᠳ᠋ ᠤᠨ ᠵᠠᠰᠠᠭ ᠤᠨ ᠪᠡᠯᠡ ᠮᠥᠩᠭᠦ ᠪᠣᠯᠤᠨ᠎ᠠ᠃      ︵ᠭᠤᠷᠪᠠ︶ ᠪᠡᠶᠡᠯᠡᠭᠦᠯᠬᠦ ᠭᠠᠵᠠᠷ ᠣᠷᠣᠨ      ᠤᠳᠠ ᠲᠣᠭᠤᠷᠢᠭ ᠤᠨ ᠮᠢᠨᠳᠠ ᠵᠡᠭᠡᠯᠢ ᠬᠢᠭᠡᠳ ᠪᠦᠯᠬᠦᠮᠳᠡᠯ ᠵᠠᠮ ᠤᠨ ᠵᠠᠮ ᠤᠨ ᠠᠭᠤᠯᠵᠠᠷ ᠤᠨ ᠪᠠᠷᠠᠭᠤᠨ ᠡᠮᠦᠨᠡᠲᠦ ᠥᠨᠴᠥᠭ᠃      ︵ᠲᠦᠷᠪᠡ︶ ᠪᠡᠶᠡᠯᠡᠭᠦᠯᠬᠦ ᠴᠠᠭ ᠬᠤᠭᠤᠴᠠᠭ᠎ᠠ      2025 ᠣᠨ ᠤ 12 ᠰᠠᠷ᠎ᠠ ᠶᠢᠨ ᠰᠡᠭᠦᠯᠴᠢ ᠠᠴᠠ ᠡᠮᠦᠨ᠎ᠡ᠃      ︵ᠲᠠᠪᠤ︶ ᠠᠬᠢᠴᠠ ᠶᠢᠨ ᠲᠤᠬᠢᠷᠠᠭᠤᠯᠭ᠎ᠠ      ᠨᠢᠭᠡᠳᠦᠭᠡᠷ ᠤᠯᠠᠷᠢᠯ᠄ ᠭᠤᠤᠯ ᠴᠣᠭᠴᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠦᠨ ᠬᠡᠷᠡᠭᠵᠢᠭᠦᠯᠦᠨ᠎ᠡ᠃      ᠬᠤᠶᠠᠳᠤᠭᠠᠷ ᠤᠯᠠᠷᠢᠯ᠄ ᠭᠤᠤᠯ ᠴᠣᠭᠴᠠ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ ᠬᠡᠷ ᠳᠣᠲᠣᠷᠠᠬᠢ ᠤᠰᠤ ᠬᠠᠩᠭᠠᠬᠤ ᠤᠰᠤ ᠵᠠᠯᠠᠬᠤ ᠢᠨᠵᠧᠨᠧᠷᠢᠩ᠂ ᠴᠠᠬᠢᠯᠭᠠᠨ ᠤ ᠢᠨᠵᠧᠨᠧᠷᠢᠩ᠂ ᠲᠥᠬᠦᠭᠡᠷᠦᠮᠵᠢ ᠤᠭᠰᠠᠷᠠᠬᠤ ᠢᠨᠵᠧᠨᠧᠷᠢᠩ ᠵᠡᠷᠭᠡ ᠶᠢ ᠥᠷᠨᠢᠭᠦᠯᠦᠨ᠎ᠡ᠃      ᠭᠤᠷᠪᠠᠳᠤᠭᠠᠷ ᠤᠯᠠᠷᠢᠯ᠄ ᠪᠦᠬᠦᠯᠢ ᠴᠣᠭᠴᠠ ᠶᠢᠨ ᠢᠨᠵᠧᠨᠧᠷᠢᠩ ᠤᠨ ᠰᠡᠭᠦᠯ ᠬᠤᠷᠢᠶᠠᠬᠤ ᠶᠢ ᠪᠡᠶᠡᠯᠡᠭᠦᠯᠦᠨ᠎ᠡ᠃      ᠳᠥᠷᠪᠡᠳᠦᠭᠡᠷ ᠤᠯᠠᠷᠢᠯ᠄ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠠᠵᠢᠯ ᠢ ᠥᠷᠨᠢᠭᠦᠯᠦᠨ᠎ᠡ᠃      ︵ᠵᠢᠷᠭᠤᠭ᠎ᠠ︶ ᠬᠠᠷᠢᠭᠤᠴᠠᠯᠭᠠᠲᠤ ᠰᠠᠯᠠᠭ᠎ᠠ ᠮᠥᠴᠢᠷ ᠵᠢᠴᠢ ᠬᠠᠷᠢᠭᠤᠴᠠᠯᠭᠠᠲᠠᠨ      ᠬᠠᠷᠢᠭᠤᠴᠠᠯᠭᠠᠲᠤ ᠰᠠᠯᠠᠭ᠎ᠠ ᠮᠥᠴᠢᠷ᠄ ᠤᠳᠠ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ      ᠬᠠᠷᠢᠭᠤᠴᠠᠯᠭ᠎ᠠ ᠡᠭᠦᠷᠭᠡᠯᠡᠭᠴᠢ᠄ ᠯᠢ ᠷᠦᠩ ᠸᠧᠶ      ᠬᠤᠶᠠᠷ᠂ ᠤᠳᠠ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶᠠᠨ ᠤ ᠡᠷᠡᠭᠦᠯᠵᠢᠯ ᠤᠨ ᠰᠠᠯᠠᠭᠠᠨ ᠤ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ      ︵ᠨᠢᠭᠡ︶ ᠰᠡᠳᠦᠪ ᠤᠨ ᠠᠭᠤᠯᠭ᠎ᠠ      ᠲᠣᠰ ᠲᠥᠷᠥᠯ ᠵᠦᠢᠯ ᠨᠢ ᠭᠤᠤᠯᠳᠠᠭᠤ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶᠠᠨ ᠤ ᠳᠣᠲᠣᠷ ᠰᠠᠯᠠᠭᠠᠨ ᠤ ᠠᠰᠠᠷ ᠤᠨ A ᠲᠣᠭᠤᠷᠢᠭ ᠤᠨ ᠨᠢᠭᠡᠳᠦᠭᠡᠷ ᠳᠠᠪᠬᠤᠷᠯᠢᠭ ᠤᠨ ᠣᠨᠣᠰᠢᠯᠠᠨ ᠡᠮᠨᠡᠬᠦ ᠲᠣᠭᠤᠷᠢᠭ᠂ ᠡᠷᠡᠭᠦᠯᠵᠢᠯ ᠤᠨ ᠲᠣᠭᠤᠷᠢᠭ ︵220 ᠲᠡᠭᠰᠢ ᠳᠥᠷᠪᠡᠯᠵᠢᠨ ᠮᠧᠲᠷ ᠭᠠᠵᠠᠷ ᠡᠵᠡᠯᠡᠭᠰᠡᠨ︶ ᠤᠨ ᠬᠠᠭᠤᠴᠢᠷᠬᠠᠰᠠᠨ ᠲᠥᠬᠦᠭᠡᠷᠦᠮᠵᠢ ᠶᠢ ᠰᠢᠨᠡᠳᠬᠡᠵᠦ᠂ ᠲᠠᠮᠠᠬᠢ ᠭᠠᠳᠠᠭᠰᠢᠯᠠᠭᠤᠯᠬᠤ ᠰᠢᠰᠲ᠋ᠧᠮ ᠵᠢᠴᠢ ᠡᠷᠡᠭᠦᠯᠵᠢᠭᠦᠯᠬᠦ ᠪᠣᠯᠪᠠᠰᠤᠷᠠᠯ ᠤᠨ ᠪᠠᠭᠠᠵᠢ ᠬᠡᠷᠡᠭᠰᠡᠯ ᠵᠡᠷᠭᠡ ᠶᠢ ᠨᠡᠮᠡᠵᠦ ᠪᠠᠶᠢᠭᠤᠯᠪᠠ︔ ᠮᠡᠰᠡ ᠵᠠᠰᠠᠯ — ᠡᠷᠡᠭᠦᠯᠵᠢᠯ ᠢ ᠨᠢᠭᠡ ᠴᠣᠭᠴᠠᠵᠢᠭᠤᠯᠤᠭᠰᠠᠨ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢᠨ ᠵᠠᠭᠪᠤᠷ ᠢ ᠪᠠᠶᠢᠭᠤᠯᠵᠤ᠂ ᠡᠮᠨᠡᠨ ᠵᠠᠰᠠᠬᠤ ᠪᠥᠬᠦ ᠶᠠᠪᠤᠴᠠ ᠶᠢ ᠵᠢᠷᠤᠮᠵᠢᠭᠤᠯᠤᠨ ᠪᠦᠷᠢᠨᠰᠢᠬᠦᠯᠵᠦ᠂ ᠡᠪᠡᠳᠴᠢᠲᠡᠨ ᠤ ᠡᠪᠡᠳᠴᠢᠨ ᠦᠵᠡᠭᠦᠯᠬᠦ ᠥᠩᠭᠡᠷᠡᠯᠲᠡ ᠶᠢ ᠲᠠᠰᠤᠷᠠᠯᠲᠠ ᠥᠬᠡᠶ ᠰᠠᠶᠢᠵᠢᠷᠠᠭᠤᠯᠤᠨ᠂ ᠠᠪᠤᠷᠠᠨ ᠵᠠᠰᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠪᠡᠳᠴᠢᠲᠡᠨ ᠢ ᠨᠠᠩ ᠲᠦᠷᠭᠡᠨ᠂ ᠨᠠᠩ ᠰᠠᠶᠢᠲᠤᠷ ᠡᠷᠡᠭᠦᠯᠵᠢᠭᠦᠯᠬᠦ ᠳᠤ ᠬᠦᠴᠦᠨ ᠨᠡᠮᠡᠷᠢᠯᠡᠪᠡ᠃      ︵ᠬᠤᠶᠠᠷ︶ ᠪᠡᠯᠡ ᠣᠷᠣᠭᠤᠯᠬᠤ ᠲᠥᠯᠥᠪᠯᠡᠭᠡ      ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ 380 ᠲᠦᠮᠡᠨ ᠲᠥᠭᠦᠷᠢᠭ᠂ ᠪᠡᠯᠡ ᠮᠥᠩᠭᠦ ᠶᠢᠨ ᠢᠷᠡᠯᠲᠡ ᠨᠢ ᠳᠡᠭᠡᠳᠦ ᠱᠠᠲᠤᠨ ᠤ ᠪᠡᠯᠡ ᠮᠥᠩᠭᠦ ᠪᠠ ᠣᠷᠣᠨ ᠨᠤᠲᠤᠭ ᠤᠨ ᠡᠳ᠋ ᠤᠨ ᠵᠠᠰᠠᠭ ᠤᠨ ᠪᠡᠯᠡ ᠮᠥᠩᠭᠦ ᠪᠣᠯᠤᠨ᠎ᠠ᠃      ︵ᠭᠤᠷᠪᠠ︶ ᠪᠡᠶᠡᠯᠡᠭᠦᠯᠬᠦ ᠭᠠᠵᠠᠷ ᠣᠷᠣᠨ      ᠤᠳᠠ ᠲᠤᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ᠃      ︵ᠲᠦᠷᠪᠡ︶ ᠪᠡᠶᠡᠯᠡᠭᠦᠯᠬᠦ ᠴᠠᠭ ᠬᠤᠭᠤᠴᠠᠭ᠎ᠠ      2025 ᠣᠨ ᠤ 10 ᠰᠠᠷ᠎ᠠ ᠶᠢᠨ ᠰᠡᠭᠦᠯᠴᠢ ᠠᠴᠠ ᠡᠮᠦᠨ᠎ᠡ᠃      ︵ᠲᠠᠪᠤ︶ ᠠᠬᠢᠴᠠ ᠶᠢᠨ ᠲᠤᠬᠢᠷᠠᠭᠤᠯᠭ᠎ᠠ      ᠨᠢᠭᠡᠳᠦᠭᠡᠷ ᠤᠯᠠᠷᠢᠯ᠄ ᠡᠷᠡᠭᠦᠯᠵᠢᠯ ᠤᠨ ᠲᠥᠬᠦᠭᠡᠷᠦᠮᠵᠢ ᠬᠤᠳᠠᠯᠳᠤᠨ ᠠᠪᠬᠤ ᠲᠥᠯᠥᠪᠯᠡᠭᠡ ᠪᠠ ᠲᠠᠯᠠᠪᠤᠷ ᠭᠠᠵᠠᠷ ᠢ ᠥᠭᠡᠷᠡᠴᠢᠯᠡᠬᠦ ᠵᠢᠷᠤᠭ ᠲᠥᠯᠥᠪᠯᠡᠭᠡ ᠶᠢ ᠪᠡᠶᠡᠯᠡᠭᠦᠯᠵᠦ᠂ ᠠᠵᠢᠯᠲᠠᠨ ᠤ ᠪᠣᠯᠪᠠᠰᠤᠷᠠᠯ ᠢ ᠵᠡᠷᠭᠡᠪᠡᠷ ᠥᠷᠨᠢᠭᠦᠯᠦᠨ᠎ᠡ᠃      ᠬᠤᠶᠠᠳᠤᠭᠠᠷ ᠤᠯᠠᠷᠢᠯ᠄ ᠡᠷᠡᠭᠦᠯᠵᠢᠯ ᠤᠨ ᠲᠥᠬᠦᠭᠡᠷᠦᠮᠵᠢ ᠶᠢ ᠳᠠᠭᠠᠭᠠᠴᠢᠯᠠᠯᠲᠠ ᠵᠠᠷᠯᠠᠬᠤ᠂ ᠬᠤᠳᠠᠯᠳᠤᠨ ᠠᠪᠬᠤ᠂ ᠤᠭᠰᠠᠷᠠᠬᠤ᠂ ᠰᠢᠯᠭᠠᠨ ᠠᠪᠬᠤ ᠵᠢᠴᠢ ᠲᠠᠯᠠᠪᠤᠷ ᠭᠠᠵᠠᠷ ᠢ ᠰᠡᠯᠪᠢᠨ ᠵᠠᠰᠠᠬᠤ ᠶᠢ ᠪᠡᠶᠡᠯᠡᠭᠦᠯᠦᠨ᠎ᠡ︔ ᠣᠨᠴᠠ ᠵᠠᠷᠢᠮ ᠡᠷᠡᠭᠦᠯᠵᠢᠯ ᠤᠨ ᠲᠥᠷᠥᠯ ᠵᠦᠢᠯ ᠢ ᠲᠤᠷᠰᠢᠨ ᠡᠵᠡᠩᠨᠡᠬᠦ ᠶᠢ ᠠᠬᠢᠭᠤᠯᠤᠨ᠎ᠠ᠃      ᠭᠤᠷᠪᠠᠳᠤᠭᠠᠷ ᠤᠯᠠᠷᠢᠯ᠄ ᠲᠥᠷᠥᠯ ᠵᠦᠢᠯ ᠢ ᠳᠠᠭᠤᠰᠬᠠᠬᠤ ᠶᠢᠨ ᠬᠠᠮᠲᠤ ᠨᠡᠢᠭᠡᠮ ᠳᠤ ᠴᠢᠯᠥᠭᠡᠲᠡᠢ ᠨᠡᠭᠡᠭᠡᠨ᠎ᠡ᠃      ︵ᠵᠢᠷᠭᠤᠭ᠎ᠠ︶ ᠬᠠᠷᠢᠭᠤᠴᠠᠯᠭᠠᠲᠤ ᠰᠠᠯᠠᠭ᠎ᠠ ᠮᠥᠴᠢᠷ ᠵᠢᠴᠢ ᠬᠠᠷᠢᠭᠤᠴᠠᠯᠭᠠᠲᠠᠨ      ᠬᠠᠷᠢᠭᠤᠴᠠᠯᠭᠠᠲᠤ ᠰᠠᠯᠠᠭ᠎ᠠ ᠮᠥᠴᠢᠷ᠄ ᠤᠳᠠ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ      ᠬᠠᠷᠢᠭᠤᠴᠠᠯᠭ᠎ᠠ ᠡᠭᠦᠷᠭᠡᠯᠡᠭᠴᠢ᠄ ᠯᠢ ᠷᠦᠩ ᠸᠧᠶ      ᠭᠤᠷᠪᠠ᠂ ᠤᠳᠠ ᠲᠣᠭᠤᠷᠢᠭ ᠤᠨ ᠪᠠᠶᠠᠨᠰᠠᠶᠢᠨ ᠵᠡᠭᠦᠨ ᠵᠡᠭᠡᠯᠢ ᠶᠢᠨ ᠲᠢᠶᠧ ᠴᠢᠶᠣᠤ ᠪᠠᠶᠢᠰᠢᠩ ᠲᠣᠭᠤᠷᠢᠭ ᠤᠨ ᠵᠠᠮ ᠢ ᠬᠠᠲᠠᠭᠤᠷᠠᠭᠤᠯᠤᠭᠰᠠᠨ ᠲᠥᠷᠥᠯ ᠵᠦᠢᠯ      ︵ᠨᠢᠭᠡ︶ ᠰᠡᠳᠦᠪ ᠤᠨ ᠠᠭᠤᠯᠭ᠎ᠠ      ᠲᠣᠰ ᠲᠥᠷᠥᠯ ᠵᠦᠢᠯ ᠨᠢ ᠭᠤᠤᠯᠳᠠᠭᠤ ᠪᠠᠶᠠᠨᠰᠠᠶᠢᠨ ᠵᠡᠭᠦᠨ ᠵᠡᠭᠡᠯᠢ ᠶᠢᠨ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠬᠥᠷᠰᠢ ︵ᠪᠠᠶᠢᠰᠢᠩ ᠬᠡᠷ ᠤᠨ ᠲᠣᠭᠤᠷᠢᠭ︶ ᠶᠢᠨ ᠣᠲᠣ ᠶᠢᠨ ᠪᠠᠶᠢᠭ᠎ᠠ ᠵᠠᠮ ᠢ ᠬᠠᠲᠠᠭᠤᠷᠠᠭᠤᠯᠵᠤ᠂ ᠵᠠᠮ ᠤᠨ ᠭᠠᠳᠠᠷᠭᠤ ᠶᠢᠨ ᠬᠠᠲᠠᠭᠤᠷᠠᠭᠤᠯᠤᠭᠰᠠᠨ ᠣᠷᠳᠣ ᠨᠢ ᠪᠠᠷᠤᠭ 1600  ᠮᠧᠲᠷ᠂ ᠥᠷᠭᠡᠨ ᠨᠢ 4 ᠠᠴᠠ 5 ᠮᠧᠲᠷ᠃      ︵ᠬᠤᠶᠠᠷ︶ ᠪᠡᠯᠡ ᠣᠷᠣᠭᠤᠯᠬᠤ ᠲᠥᠯᠥᠪᠯᠡᠭᠡ      ᠲᠥᠷᠥᠯ ᠵᠦᠢᠯ ᠤᠨ ᠵᠢᠱᠢᠯᠲᠡ ᠪᠠᠷ ᠶᠡᠷᠦᠩᠬᠡᠶ ᠪᠡᠯᠡ ᠣᠷᠣᠭᠤᠯᠤᠯᠲᠠ ᠨᠢ 140 ᠲᠦᠮᠡᠨ ᠲᠥᠭᠦᠷᠢᠭ ᠪᠠᠶᠢᠵᠤ᠂ ᠪᠡᠯᠡ ᠮᠥᠩᠭᠦ ᠶᠢᠨ ᠢᠷᠡᠯᠲᠡ ᠨᠢ ᠣᠷᠣᠨ ᠨᠤᠲᠤᠭ ᠤᠨ ᠡᠳ᠋ ᠤᠨ ᠵᠠᠰᠠᠭ ᠤᠨ ᠪᠡᠯᠡ ᠮᠥᠩᠭᠦ ᠪᠣᠯᠤᠨ᠎ᠠ᠃      ︵ᠭᠤᠷᠪᠠ︶ ᠪᠡᠶᠡᠯᠡᠭᠦᠯᠬᠦ ᠭᠠᠵᠠᠷ ᠣᠷᠣᠨ      ᠤᠳᠠ ᠲᠤᠭᠤᠷᠢᠭ ᠤᠨ ᠪᠠᠶᠠᠨᠰᠠᠶᠢᠨ ᠵᠠᠭᠡᠯᠢ ᠶᠢᠨ ᠲᠢᠶᠧ ᠴᠢᠶᠤᠤ ᠪᠠᠶᠢᠰᠢᠩ ᠭᠡᠷ ᠤᠨ ᠲᠣᠭᠤᠷᠢᠭ᠃      ︵ᠲᠦᠷᠪᠡ︶ ᠪᠡᠶᠡᠯᠡᠭᠦᠯᠬᠦ ᠴᠠᠭ ᠬᠤᠭᠤᠴᠠᠭ᠎ᠠ      2025 ᠣᠨ ᠤ 12 ᠰᠠᠷ᠎ᠠ ᠠᠴᠠ ᠡᠮᠦᠨ᠎ᠡ᠃      ︵ᠲᠠᠪᠤ︶ ᠠᠬᠢᠴᠠ ᠶᠢᠨ ᠲᠤᠬᠢᠷᠠᠭᠤᠯᠭ᠎ᠠ      ᠨᠢᠭᠡᠳᠦᠭᠡᠷ ᠤᠯᠠᠷᠢᠯ᠄ ᠳᠡᠭᠡᠳᠦ ᠱᠠᠲᠤᠨ ᠤ ᠪᠡᠯᠡ ᠮᠥᠩᠭᠦ ᠶᠢ ᠴᠢᠷᠮᠠᠶᠢᠨ ᠣᠯᠤᠨ᠎ᠠ᠃      ᠬᠤᠶᠠᠳᠤᠭᠠᠷ ᠤᠯᠠᠷᠢᠯ᠄ ᠲᠥᠷᠥᠯ ᠵᠦᠢᠯ ᠢ ᠵᠢᠷᠤᠵᠤ ᠲᠥᠯᠥᠪᠯᠡᠬᠦ ᠳᠤ ᠡᠬᠡ ᠨᠣᠣᠷᠠᠭ ᠲᠣᠭᠲᠠᠭᠠᠬᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠵᠡᠷᠭᠡ ᠡᠮᠦᠨᠡᠬᠢ ᠬᠤᠭᠤᠴᠠᠭᠠᠨ ᠤ ᠭᠠᠷᠳᠠᠮ ᠢ ᠪᠡᠶᠡᠯᠡᠭᠦᠯᠦᠨ᠎ᠡ᠃      ᠭᠤᠷᠪᠠᠳᠤᠭᠠᠷ ᠤᠯᠠᠷᠢᠯ᠄ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃      ᠳᠥᠷᠪᠡᠳᠦᠭᠡᠷ ᠤᠯᠠᠷᠢᠯ᠄ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠶᠢᠨ ᠬᠠᠮᠲᠤ ᠠᠰᠢᠭᠯᠠᠯᠲᠠ ᠳᠤ ᠣᠷᠣᠭᠤᠯᠤᠨ᠎ᠠ᠃      ︵ᠵᠢᠷᠭᠤᠭ᠎ᠠ︶ ᠬᠠᠷᠢᠭᠤᠴᠠᠯᠭᠠᠲᠤ ᠰᠠᠯᠠᠭ᠎ᠠ ᠮᠥᠴᠢᠷ ᠵᠢᠴᠢ ᠬᠠᠷᠢᠭᠤᠴᠠᠯᠭᠠᠲᠠᠨ      ᠬᠠᠷᠢᠭᠤᠴᠠᠯᠭᠠᠲᠤ ᠰᠠᠯᠠᠭ᠎ᠠ ᠮᠥᠴᠢᠷ᠄ ᠤᠳᠠ ᠲᠣᠭᠤᠷᠢᠭ ᠤᠨ ᠤᠰᠤᠨ ᠤ ᠶᠠᠪᠤᠳᠠᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ      ᠬᠠᠷᠢᠭᠤᠴᠠᠯᠭ᠎ᠠ ᠡᠭᠦᠷᠭᠡᠯᠡᠭᠴᠢ᠄ ᠭᠧᠩ ᠪᠦᠦ ᠳ᠋ᠠᠩ   
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号