ᠲᠤᠭᠤᠷᠢᠭ ᠤᠨ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠤᠨ ᠨᠢᠭᠡᠳᠦᠯᠲᠡᠶ ᠪᠠᠶᠢᠷᠢᠯᠠᠭᠤᠯᠤᠯᠲᠠ | ᠶᠣᠰᠣᠭᠠᠷ᠂ 3 ᠰᠠᠷ᠎ᠠ ᠶᠢᠨ 21 ᠤ ᠡᠳᠦᠷ ᠪᠣᠯᠲᠠᠯ᠎ᠠ᠂ ᠶᠢᠰᠦᠳᠦᠭᠡᠷ ᠬᠤᠭᠤᠴᠠᠭᠠᠨ ᠤ ᠤᠳᠠ ᠲᠣᠭᠤᠷᠢᠭ ᠤᠨ ᠨᠠᠮ ᠤᠨ | ᠬᠤᠷᠢᠶᠠᠨ ᠤ ᠨᠠᠢᠮᠠᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠨᠢᠭᠡᠨᠲᠡ ᠣᠷᠣᠵᠤ ᠰᠠᠭᠤᠬᠤ ᠠᠵᠢᠯ ᠢᠶᠠᠨ | ᠳᠠᠭᠤᠰᠬᠠᠵᠤ᠂ ᠨᠠᠢᠮᠠᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠪᠦᠬᠦ ᠲᠠᠯ᠎ᠠ ᠪᠠᠷ ᠡᠬᠢᠯᠡᠪᠡ᠃ | ᠲᠣᠭᠤᠷᠢᠭ ᠤᠨ ᠨᠠᠮ ᠤᠨ ᠬᠤᠷᠢᠶ᠎ᠠ ᠶᠢᠨ ᠵᠥᠪᠰᠢᠶᠡᠷᠡᠯ ᠢᠶᠠᠷ ᠳᠡᠮᠵᠢᠨ᠂ ᠶᠢᠰᠦᠳᠦᠭᠡᠷ ᠬᠤᠭᠤᠴᠠᠭᠠᠨ ᠤ | ᠲᠣᠭᠤᠷᠢᠭ ᠤᠨ ᠨᠠᠮ ᠤᠨ ᠬᠤᠷᠢᠶ᠎ᠠ ᠶᠢᠨ ᠨᠠᠢᠮᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠨᠢ ᠲᠣᠭᠤᠷᠢᠭ ᠤᠨ | ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ᠂ ᠲᠣᠭᠤᠷᠢᠭ ᠤᠨ ᠨᠠᠮ ᠤᠨ ᠬᠤᠷᠢᠶ᠎ᠠ ᠶᠢᠨ ᠨᠡᠶᠢᠭᠡᠮ ᠤᠨ | ᠠᠵᠢᠯ ᠤᠨ ᠬᠡᠯᠲᠡᠰ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ᠂ ᠲᠣᠭᠤᠷᠢᠭ ᠤᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠣᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠤ ᠬᠤ᠋ | ᠱᠠᠨ ᠵᠡᠭᠡᠯᠢ ᠭᠤᠳᠤᠮᠵᠢ᠂ ᠹᠦ᠋ ᠰᠢᠩ ᠨᠡᠶᠢᠭᠡᠮ ᠲᠣᠭᠤᠷᠢᠭ᠂ ᠢᠦᠶ ᠬᠤᠩ ᠨᠡᠶᠢᠭᠡᠮ ᠲᠣᠭᠤᠷᠢᠭ ᠵᠡᠷᠭᠡ 8 ᠨᠢᠭᠡᠴᠡ ᠶᠢᠨ | ᠨᠠᠮ ᠤᠨ ᠵᠣᠬᠢᠶᠠᠨ ᠪᠠᠶᠢᠭᠤᠯᠤᠯᠲᠠ ᠳᠤ ᠪᠠᠶᠢᠩᠭᠤ ᠶᠢᠨ ᠲᠣᠭᠤᠷᠢᠨ ᠪᠠᠶᠢᠴᠠᠭᠠᠯᠲᠠ ᠥᠷᠨᠢᠭᠦᠯᠬᠦ ᠪᠣᠯᠤᠨ᠎ᠠ︔ | ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠢᠶᠡᠨ ᠳᠠᠬᠢ ᠲᠣᠭᠤᠷᠢᠨ | ᠪᠠᠶᠢᠴᠠᠭᠠᠯᠲᠠ ᠶᠢᠨ ︽ᠡᠷᠬᠢᠨ ᠬᠠᠷᠠᠬᠤ︾ ᠠᠵᠢᠯᠯᠠᠭ᠎ᠠ ᠥᠷᠨᠢᠭᠦᠯᠵᠦ᠂ ᠲᠣᠭᠤᠷᠢᠭ ᠤᠨ ᠠᠷᠠᠳ ᠤᠨ ᠡᠮᠨᠡᠯᠭᠡ ᠶᠢᠨ | ᠬᠤᠷᠢᠶ᠎ᠠ᠂ ᠲᠣᠭᠤᠷᠢᠭ ᠤᠨ ᠡᠬᠡ ᠨᠢᠯᠬᠠᠰ ᠤᠨ ᠡᠷᠡᠭᠦᠯᠵᠢᠯ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠥᠪ᠂ | ᠤᠯᠠᠭᠠᠨᠨᠠᠭᠤᠷ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠪᠠᠶᠠᠨᠰᠠᠶᠢᠨ ᠬᠡᠷᠡᠭ ᠡᠷᠬᠢᠯᠡᠬᠦ ᠭᠠᠵᠠᠷ ᠤᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠲᠥᠪ᠂ ᠰᠢᠨᠳᠠ ᠬᠡᠷᠡᠭ ᠡᠷᠬᠢᠯᠡᠬᠦ ᠭᠠᠵᠠᠷ ᠤᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠥᠪ᠂ ᠯᠢᠶᠠᠩ ᠵᠢᠶᠠ ᠭᠧᠤ ᠬᠡᠷᠡᠭ ᠡᠷᠬᠢᠯᠡᠬᠦ ᠭᠠᠵᠠᠷ ᠤᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠥᠪ ᠵᠡᠷᠭᠡ 7 ᠡᠮᠴᠢᠯᠡᠭᠡᠨ ᠤ ᠪᠠᠶᠢᠭᠤᠯᠤᠮᠵᠢ ᠳᠤ ᠡᠮᠴᠢᠯᠡᠭᠡ ᠡᠷᠡᠭᠦᠯ ᠬᠠᠮᠠᠭᠠᠯᠠᠯ ᠤᠨ | ᠬᠦᠷᠢᠶᠡᠨ ᠳᠠᠬᠢ ᠲᠤᠰᠬᠠᠶ ᠲᠣᠭᠤᠷᠢᠨ ᠪᠠᠶᠢᠴᠠᠭᠠᠯᠲᠠ ᠥᠷᠨᠢᠭᠦᠯᠦᠨ᠎ᠡ᠃ | ᠲᠣᠭᠤᠷᠢᠨ ᠪᠠᠶᠢᠴᠠᠭᠠᠭᠳᠠᠬᠤ ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ ᠲᠤᠰ ᠲᠤᠰ ᠲᠣᠭᠤᠷᠢᠨ | ᠪᠠᠶᠢᠴᠠᠭᠠᠬᠤ ᠠᠵᠢᠯ ᠤᠨ ᠲᠠᠶᠢᠴᠢᠯᠠᠯᠳᠠ ᠶᠢᠨ ᠬᠤᠷᠠᠯ ᠬᠤᠷᠠᠯᠳᠤᠭᠤᠯᠵᠤ᠂ ᠲᠠᠶᠢᠴᠢᠯᠠᠯᠳᠠ ᠶᠢᠨ ᠬᠤᠷᠠᠯ ᠠᠴᠠ ᠲᠥᠪ | ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠪᠣᠯᠤᠨ | ᠲᠤᠭᠤᠷᠢᠭ ᠤᠨ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ ᠬᠠᠮᠢᠶ᠎ᠠ ᠪᠦᠬᠦᠢ ᠱᠠᠭᠠᠷᠳᠠᠯᠭ᠎ᠠ ᠪᠣᠯᠤᠨ | ᠲᠣᠭᠤᠷᠢᠨ ᠪᠠᠶᠢᠴᠠᠭᠠᠬᠤ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ | ᠡᠯ᠎ᠡ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠲᠠᠶᠢᠴᠢᠯᠠᠯᠳᠠ ᠶᠢᠨ ᠶᠠᠷᠢᠶ᠎ᠠ ᠲᠠᠯᠪᠢᠵᠤ᠂ ᠶᠡᠷᠦᠩᠬᠡᠢ | ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠤᠨ ᠨᠠᠮ ᠤᠨ | ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠪᠣᠯᠤᠨ ᠬᠤᠳᠠ ᠶᠢᠨ ᠨᠠᠮ ᠤᠨ ᠬᠤᠷᠢᠶ᠎ᠠ᠂ ᠲᠤᠭᠤᠷᠢᠭ ᠤᠨ ᠨᠠᠮ ᠤᠨ ᠬᠤᠷᠢᠶ᠎ᠠ ᠶᠢᠨ ᠠᠵᠢᠯ ᠤᠨ | ᠲᠤᠬᠢᠷᠠᠭᠤᠯᠤᠯᠳᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠣᠭᠤᠷᠢᠨ ᠪᠠᠶᠢᠴᠠᠭᠠᠬᠤ ᠠᠵᠢᠯ ᠢ ᠯᠠᠪᠳᠠᠭᠤᠨ | ᠪᠠᠲᠤᠲᠠᠢ ᠥᠷᠨᠢᠭᠦᠯᠬᠦ ᠲᠤᠬᠠᠢ ᠱᠠᠭᠠᠷᠳᠠᠯᠭ᠎ᠠ ᠳᠤᠷᠠᠳᠴᠠᠢ᠃ | ᠲᠣᠭᠤᠷᠢᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ | ᠢᠯᠡᠷᠬᠡᠶᠢᠯᠡᠬᠦ ᠳᠡᠭᠡᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ | ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠵᠢᠴᠢ ᠲᠤᠭᠤᠷᠢᠭ ᠤᠨ ᠨᠠᠮ ᠤᠨ ᠬᠤᠷᠢᠶ᠎ᠠ ᠶᠢᠨ ᠲᠣᠭᠤᠷᠢᠨ | ᠪᠠᠶᠢᠴᠠᠭᠠᠬᠤ ᠠᠵᠢᠯ ᠤᠨ ᠲᠤᠬᠠᠢ ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠤᠨ᠎ᠠ᠃ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠬᠠᠷᠢᠭᠤᠴᠠᠯᠭ᠎ᠠ | ᠡᠭᠦᠷᠭᠡᠯᠡᠯ ᠢᠶᠠᠨ ᠴᠢᠩᠭᠠᠳᠬᠠᠨ᠂ ᠤᠬᠠᠮᠰᠠᠷ ᠠᠴᠠ ᠪᠠᠨ ᠬᠢᠨᠠᠯᠲᠠ ᠶᠢ ᠬᠦᠯᠢᠶᠡᠬᠦ ᠤᠬᠠᠮᠰᠠᠷ ᠢᠶᠠᠨ ᠴᠢᠩᠭᠠᠳᠬᠠᠵᠤ᠂ | ᠲᠣᠭᠤᠷᠢᠨ ᠪᠠᠶᠢᠴᠠᠭᠠᠬᠤ ᠳᠤᠭᠤᠶᠢᠯᠠᠩ ᠤᠨ ᠠᠵᠢᠯ ᠢᠶᠠᠨ ᠥᠷᠨᠢᠭᠦᠯᠬᠦ ᠶᠢ ᠪᠦᠬᠦ ᠬᠦᠴᠦᠨ ᠢᠶᠠᠷ ᠢᠶᠠᠨ ᠲᠡᠮᠵᠢᠨ | ᠬᠠᠮᠵᠢᠯᠴᠠᠵᠤ᠂ ᠠᠳᠠᠯᠢ ᠰᠡᠳᠦᠪ ᠢᠶᠠᠷ ᠬᠠᠮᠲᠤ ᠪᠠᠷ ᠬᠠᠷᠢᠭᠤᠯᠬᠤ᠂ ᠵᠡᠷᠭᠡ ᠪᠠᠷ ᠬᠦᠴᠦᠯᠡᠬᠦ ᠶᠢ ᠦᠨᠡᠨ ᠬᠦ ᠪᠡᠶᠡᠯᠡᠭᠦᠯᠬᠦ | ᠬᠡᠷᠡᠭᠲᠡᠢ᠃ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ | ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠦᠷᠭᠦᠯᠵᠢᠯᠡᠨ ᠳᠡᠭᠡᠭᠰᠢᠯᠡᠭᠦᠯᠵᠦ᠂ ︽ᠬᠤᠶᠠᠷ ᠢ ᠬᠠᠮᠠᠭᠠᠯᠠᠬᠤ︾ ᠶᠢ ᠡᠷᠡᠰ | ᠪᠡᠶᠡᠯᠡᠭᠦᠯᠬᠦ ᠶᠢ ᠦᠨᠳᠦᠰᠦᠨ ᠤᠯᠤᠰ ᠲᠦᠷᠦ ᠶᠢᠨ ᠡᠭᠦᠷᠭᠡ ᠪᠣᠯᠭᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ | ᠪᠦᠬᠦ ᠶᠠᠪᠤᠴᠠ ᠳᠤ ᠲᠤᠤᠱᠯᠠᠭᠤᠯᠤᠨ᠎ᠠ᠃ ᠲᠣᠰ ᠤᠳᠠᠭᠠᠨ ᠤ ᠴᠠᠭᠳᠠᠨ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ | ᠠᠰᠠᠭᠤᠳᠠᠯ ᠤᠨ ᠦᠨᠳᠦᠰᠦ ᠰᠤᠷᠪᠤᠯᠵᠢ ᠶᠢ ᠭᠦᠨᠵᠡᠭᠡᠶ ᠵᠠᠳᠠᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ | ᠣᠨᠣᠪᠴᠢᠲᠠᠶ ᠲᠣᠭᠲᠠᠭᠠᠵᠤ᠂ ︽ᠠᠯᠳᠠᠭ᠎ᠠ ᠪᠤᠷᠤᠭᠤ ᠪᠠᠨ ᠵᠠᠯᠠᠷᠠᠭᠤᠯᠬᠤ᠂ ᠬᠡᠪ ᠰᠤᠷᠲᠠᠯ ᠢ ᠲᠥᠪ ᠪᠣᠯᠭᠠᠬᠤ᠂ ᠢᠲᠡᠭᠡᠯ | ᠵᠣᠷᠢᠭ ᠢᠶᠠᠨ ᠳᠡᠭᠡᠭᠰᠢᠯᠡᠭᠦᠯᠬᠦ᠂ ᠡᠷᠴᠢ ᠵᠣᠷᠢᠭ ᠢᠶᠠᠨ ᠬᠥᠪᠴᠢᠯᠡᠬᠦ︾ ᠶᠡᠷᠦᠩᠬᠡᠶᠢᠯᠡᠭᠰᠡᠨ ᠦᠢᠯᠡᠳᠦᠯ ᠢ ᠪᠡᠶᠡᠯᠡᠭᠦᠯᠬᠦ ᠶᠢ | ᠠᠬᠢᠭᠤᠯᠵᠤ᠂ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ᠂ ᠬᠥᠭᠵᠢᠯᠲᠡ ᠶᠢ ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠤᠨ᠎ᠠ ᠭᠡᠵᠠᠢ᠃ | ᠲᠤᠭᠤᠷᠢᠭ ᠤᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠳᠤᠭᠤᠶᠢᠯᠠᠩ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠵᠤ᠂ ᠲᠣᠭᠤᠷᠢᠨ ᠪᠠᠶᠢᠴᠠᠭᠠᠬᠤ ᠠᠵᠢᠯ ᠤᠨ ᠴᠢᠭᠯᠡᠯᠲᠡ ᠶᠢ ᠪᠥᠬᠦ ᠲᠠᠯ᠎ᠠ ᠪᠠᠷ ᠲᠤᠤᠱᠯᠠᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ | ᠭᠤᠤᠯ ᠰᠢᠵᠢᠮ ᠪᠣᠯᠭᠠᠵᠤ᠂ ᠲᠣᠭᠤᠷᠢᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠡᠭᠦᠷᠭᠡ | ᠴᠢᠳᠠᠪᠤᠷᠢ ᠡᠭᠦᠷᠭᠡ ᠬᠠᠷᠢᠭᠤᠴᠠᠯᠭ᠎ᠠ ᠳᠤ ᠰᠠᠭᠤᠷᠢᠯᠠᠨ᠂ ᠤᠯᠤᠰ ᠲᠥᠷᠥ ᠶᠢᠨ ᠬᠢᠨᠠᠯᠲᠠ ᠶᠢ ᠴᠢᠩᠭᠠᠳᠬᠠᠵᠤ᠂ | ᠲᠣᠭᠤᠷᠢᠨ ᠪᠠᠶᠢᠴᠠᠭᠠᠭᠳᠠᠵᠤ ᠪᠠᠶᠢᠭ᠎ᠠ ᠡᠯ᠎ᠡ ᠨᠠᠮ ᠤᠨ ᠵᠣᠬᠢᠶᠠᠨ ᠪᠠᠶᠢᠭᠤᠯᠤᠯᠲᠠ ᠶᠢ ᠰᠢᠮᠳᠠᠭᠤᠯᠵᠤ ᠪᠠᠶᠢᠭᠠᠳ | ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠠ | ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ | ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ | ᠢ ᠦᠷᠭᠦᠯᠵᠢᠯᠡᠨ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠬᠦ ᠵᠢᠴᠢ ᠦᠬᠠᠶ | ᠬᠤᠲᠠ ᠶᠢᠨ ︽ᠠᠷᠪᠠᠨ ᠵᠦᠢᠯ ᠤᠨ ᠭᠤᠤᠯᠳᠠᠯᠭ᠎ᠠ ᠲᠠᠢ ᠠᠵᠢᠯ︾᠂ ᠤᠳᠠ ᠲᠣᠭᠤᠷᠢᠭ ᠤᠨ ︽ᠲᠠᠪᠤᠨ ᠲᠠᠯ᠎ᠠ ᠶᠢᠨ | ᠭᠤᠤᠯᠳᠠᠯᠭ᠎ᠠ ᠲᠠᠢ ᠠᠵᠢᠯ︾ ᠢ ᠨᠠᠶᠢᠳᠠᠪᠤᠷᠢᠵᠢᠭᠤᠯᠬᠤ ᠪᠣᠳᠠᠲᠤ ᠠᠵᠢᠯᠯᠠᠭ᠎ᠠ ᠶᠢᠨ ᠲᠠᠯ᠎ᠠ ᠪᠠᠷ ᠦᠵᠡᠭᠦᠯᠪᠡᠰᠦ ᠵᠣᠬᠢᠬᠤ | ᠬᠤᠪᠢ ᠨᠡᠮᠡᠷᠢ ᠪᠠᠨ ᠦᠵᠡᠭᠦᠯᠦᠨ᠎ᠡ᠃ ᠡᠩ ᠤᠨ ᠲᠣᠭᠤᠷᠢᠨ ᠪᠠᠶᠢᠴᠠᠭᠠᠯᠲᠠ ᠨᠢ ᠨᠠᠮ ᠤᠨ ᠲᠥᠪ ᠬᠤᠷᠢᠶᠠᠨ ᠤ | ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠤᠭᠰᠠᠨ ᠪᠠᠶᠢᠳᠠᠯ ᠳᠤ | ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ | ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ | ᠪᠣᠯᠤᠨ ᠨᠠᠮ ᠤᠨ ᠭᠡᠰᠢᠭᠦᠨ ᠤ ᠡᠩᠨᠡᠭᠡᠨ ᠤ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠭᠤᠷᠢᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠢ ᠬᠡᠷᠡᠭᠯᠡᠬᠦ ᠵᠡᠷᠭᠡ ᠪᠠᠶᠢᠳᠠᠯ ᠳᠤ ᠠᠩᠬᠠᠷᠤᠯ ᠢᠶᠠᠨ | ᠲᠥᠪᠯᠡᠷᠡᠭᠦᠯᠦᠨ᠎ᠡ︔ ᠲᠤᠰᠬᠠᠢ ᠲᠣᠭᠤᠷᠢᠨ ᠪᠠᠶᠢᠴᠠᠭᠠᠯᠲᠠ ᠨᠢ ᠲᠣᠭᠤᠷᠢᠨ ᠪᠠᠶᠢᠴᠠᠭᠠᠭᠳᠠᠵᠤ ᠪᠠᠶᠢᠭ᠎ᠠ ᠨᠠᠮ ᠤᠨ | ᠵᠣᠬᠢᠶᠠᠨ ᠪᠠᠶᠢᠭᠤᠯᠤᠯᠲᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠡᠷᠡᠭᠯᠡᠯᠲᠡ ᠶᠢ ᠬᠢᠨᠠᠨ ᠬᠠᠮᠢᠶᠠᠷᠬᠤ᠂ | ᠡᠮᠴᠢ ᠶᠢᠨ ᠮᠣᠷᠠᠯ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠤᠯᠤᠰ | ᠲᠦᠷᠦ ᠶᠢᠨ ᠵᠥᠷᠢᠶ᠎ᠡ ᠶᠢ ᠭᠤᠣᠯᠳᠠᠯᠭ᠎ᠠ ᠲᠠᠢ ᠠᠩᠬᠠᠷᠤᠨ᠎ᠠ︔ ᠲᠣᠭᠤᠷᠢᠨ ᠪᠠᠶᠢᠴᠠᠭᠠᠵᠤ ︽ᠡᠷᠬᠢᠨ ᠬᠠᠷᠠᠬᠤ︾ ᠨᠢ | ᠳᠡᠭᠡᠷ᠎ᠡ ᠨᠢᠭᠡ ᠡᠭᠡᠯᠵᠢ ᠶᠢᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠ ᠦᠷ᠎ᠡ ᠪᠦᠲᠦᠭᠡᠯ ᠤᠨ | ᠬᠡᠷᠡᠭᠯᠡᠯᠲᠡ ᠶᠢᠨ ᠪᠠᠶᠢᠳᠠᠯ ᠢ ᠭᠤᠣᠯᠳᠠᠯᠭ᠎ᠠ ᠲᠠᠢ ᠠᠩᠬᠠᠷᠴᠤ᠂ ᠬᠥᠳᠡᠭᠡ ᠲᠣᠰᠬᠤᠨ ᠤ ᠬᠠᠮᠲᠤ ᠶᠢᠨ ︽ᠭᠤᠷᠪᠠᠨ ᠪᠠᠯᠠ︾ | ᠶᠢᠨ ᠬᠠᠮᠢᠶᠠᠷᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠡᠯᠡ ᠮᠥᠩᠭᠦ ᠶᠢᠨ ᠬᠡᠷᠡᠭᠯᠡᠯᠲᠡ ᠶᠢ | ᠬᠢᠨᠠᠨ ᠬᠠᠮᠢᠶᠠᠷᠬᠤ ᠵᠡᠷᠭᠡ ᠲᠠᠯ᠎ᠠ ᠪᠠᠷ ᠬᠢᠨᠠᠯᠲᠠ ᠲᠠᠯᠪᠢᠨ᠎ᠠ᠃ ᠲᠣᠭᠤᠷᠢᠨ ᠪᠠᠶᠢᠴᠠᠭᠠᠭᠳᠠᠵᠤ ᠪᠠᠶᠢᠭ᠎ᠠ ᠨᠠᠮ ᠤᠨ | ᠵᠣᠬᠢᠶᠠᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠤᠯᠤᠰ ᠲᠦᠷᠦ ᠶᠢᠨ ᠠᠰᠠᠭᠤᠳᠠᠯ᠂ ᠬᠠᠷᠢᠭᠤᠴᠠᠯᠭ᠎ᠠ ᠶᠢᠨ | ᠠᠰᠠᠭᠤᠳᠠᠯ᠂ ᠢᠯᠵᠠᠷᠠᠯ ᠤᠨ ᠠᠰᠠᠭᠤᠳᠠᠯ᠂ ᠰᠤᠷᠲᠠᠯ ᠤᠨ ᠠᠰᠠᠭᠤᠳᠠᠯ ᠢ ᠬᠦᠴᠦᠯᠡᠨ ᠢᠯᠡᠷᠡᠭᠦᠯᠦᠨ ᠠᠬᠢᠭᠤᠯᠵᠤ᠂ | ᠲᠣᠭᠤᠷᠢᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠪᠣᠯᠤᠨ ᠨᠠᠮ ᠤᠨ | ᠭᠡᠰᠢᠭᠦᠨ ᠺᠠᠳ᠋ᠷ ᠤᠨ ᠬᠠᠷᠢᠭᠤᠴᠠᠯᠭ᠎ᠠ ᠪᠠᠨ ᠮᠡᠳᠡᠬᠦ᠂ ᠬᠠᠷᠢᠭᠤᠴᠠᠯᠭ᠎ᠠ ᠪᠠᠨ ᠲᠣᠳᠣᠷᠬᠠᠶᠢᠯᠠᠬᠤ᠂ ᠬᠠᠷᠢᠭᠤᠴᠠᠯᠭ᠎ᠠ ᠪᠠᠨ | ᠭᠦᠢᠴᠡᠳᠬᠡᠬᠦ ᠶᠢ ᠱᠠᠯᠠᠪᠳᠠᠭᠤᠯᠤᠨ ᠱᠠᠭᠠᠷᠳᠠᠵᠤ᠂ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠬᠡᠬᠦ | ᠬᠡᠷᠡᠭᠲᠡᠢ ᠭᠡᠵᠠᠢ᠃ | ᠲᠣᠰ ᠡᠭᠡᠯᠵᠢ ᠶᠢᠨ ᠲᠤᠬᠠᠶ ᠶᠢᠨ ᠲᠠᠯᠠᠪᠠᠶ ᠶᠢᠨ ᠴᠠᠭᠳᠠᠨ ᠪᠠᠶᠢᠴᠠᠭᠠᠬᠤ ᠴᠠᠭ ᠨᠢ 70 ᠡᠳᠦᠷ ᠣᠷᠴᠢᠮ | ᠪᠠᠶᠢᠵᠤ᠂ ᠵᠠᠬᠢᠳᠠᠯ ᠰᠤᠷᠪᠤᠯᠵᠢᠯᠠᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠴᠠᠭ ᠨᠢ 2025 ᠣᠨ ᠤ 5 ᠳ᠋ᠤᠭᠠᠷ | ᠰᠠᠷ᠎ᠠ ᠶᠢᠨ 30 ᠤ ᠡᠳᠦᠷ ᠪᠣᠯᠲᠠᠯ᠎ᠠ ᠦᠷᠭᠦᠯᠵᠢᠯᠡᠨ᠎ᠡ᠃ ᠲᠣᠭᠤᠷᠢᠨ ᠪᠠᠶᠢᠴᠠᠭᠠᠬᠤ ᠬᠤᠭᠤᠴᠠᠭᠠᠨ ᠳᠤ ᠵᠢᠵᠢᠭᠦᠷᠯᠡᠬᠦ | ᠤᠲᠠᠰᠤ᠂ ᠡᠯᠧᠺᠲᠷᠣᠨ ᠰᠢᠦᠳᠠᠨ ᠬᠠᠶᠢᠷᠴᠠᠭ ᠵᠡᠷᠭᠡ ᠶᠢ ᠪᠠᠶᠢᠭᠤᠯᠵᠤ᠂ ᠭᠤᠤᠯᠳᠠᠭᠤ ᠲᠣᠭᠤᠷᠢᠨ ᠪᠠᠶᠢᠴᠠᠭᠠᠭᠳᠠᠵᠤ | ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠬᠦᠨ᠂ ᠳᠣᠤᠷ᠎ᠠ | ᠨᠢᠭᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠤᠯ ᠬᠠᠷᠢᠭᠤᠴᠠᠯᠭᠠᠲᠠᠨ᠂ ᠬᠠᠷᠢᠶ᠎ᠠ ᠨᠢᠭᠡᠴᠡ | ︵ᠳᠣᠲᠣᠭᠠᠳᠤ ᠪᠠᠶᠢᠭᠤᠯᠤᠮᠵᠢ︶ ᠶᠢᠨ ᠭᠤᠤᠯ ᠬᠠᠷᠢᠭᠤᠴᠠᠯᠭᠠᠲᠠᠨ᠂ ᠵᠢᠴᠢ ᠴᠢᠬᠤᠯᠠ ᠠᠵᠢᠯ ᠤᠨ ᠪᠠᠶᠢᠷᠢ ᠶᠢᠨ | ᠤᠳᠤᠷᠢᠳᠬᠤ ᠺᠠᠳ᠋ᠷ ᠤᠨ ᠵᠠᠬᠢᠳᠠᠯ ᠤᠲᠠᠰᠤ ᠰᠤᠷᠪᠤᠯᠵᠢᠯᠠᠭ᠎ᠠ ᠶᠢ ᠬᠦᠯᠢᠶᠡᠨ ᠠᠪᠴᠤ ᠰᠢᠢᠳᠪᠦᠷᠢᠯᠡᠨ᠎ᠡ᠂ | ᠭᠤᠤᠯᠳᠠᠯᠭ᠎ᠠ ᠨᠢ ᠤᠯᠤᠰ ᠲᠥᠷᠥ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ | ᠴᠢᠬᠡᠴᠢ ᠶᠢᠨ ᠰᠠᠬᠢᠯᠭ᠎ᠠ ᠪᠠᠲᠤ᠂ ᠣᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ᠂ ᠠᠮᠢᠳᠤᠷᠠᠯ ᠤᠨ | ᠰᠠᠬᠢᠯᠭ᠎ᠠ ᠪᠠᠲᠤ ᠵᠡᠷᠭᠡ ᠲᠠᠯ᠎ᠠ ᠶᠢᠨ ᠢᠯᠡᠴᠢᠯᠡᠨ ᠮᠡᠳᠡᠭᠦᠯᠦᠯᠲᠡ ᠪᠠ ᠲᠤᠰᠬᠠᠯ ᠪᠣᠯᠤᠨ᠎ᠠ᠃ ᠲᠣᠭᠤᠷᠢᠨ | ᠪᠠᠶᠢᠴᠠᠭᠠᠯᠲᠠ ᠶᠢᠨ ᠬᠦᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠪᠠᠭᠲᠠᠬᠤ ᠦᠭᠡᠢ ᠪᠤᠰᠤᠳ ᠵᠠᠬᠢᠳᠠᠯ | ᠰᠤᠷᠪᠤᠯᠵᠢᠯᠠᠭ᠎ᠠ ᠶᠢᠨ ᠠᠰᠠᠭᠤᠳᠠᠯ ᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠲᠤᠰᠢᠶᠠᠵᠤ | ᠨᠠᠷᠢᠨ ᠬᠢᠨᠠᠮᠠᠭᠠᠢ ᠰᠢᠢᠳᠪᠦᠷᠢᠯᠡᠭᠦᠯᠦᠨ᠎ᠡ᠃ | |