3 ᠰᠠᠷ᠎ᠠ ᠶᠢᠨ 21 ᠤ ᠡᠳᠦᠷ᠂ ᠤᠳᠠ ᠲᠣᠭᠤᠷᠢᠭ ᠤᠨ ᠨᠠᠮ ᠤᠨ ᠬᠤᠷᠢᠶ᠎ᠠ ᠨᠠᠮ ᠤᠨ ᠬᠤᠷᠢᠶᠠᠨ ᠤ | ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ | ᠳᠤᠭᠤᠶᠢᠯᠠᠩ ᠤᠨ ᠬᠤᠷᠠᠯ ᠢ ᠬᠤᠷᠠᠯᠳᠤᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠦᠬᠠᠶ ᠬᠤᠲᠠ ᠶᠢᠨ ᠨᠠᠮ ᠤᠨ ᠬᠤᠷᠢᠶᠠᠨ ᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠶ ᠲᠤᠤᠱᠯᠠᠭᠤᠯᠬᠤ ᠲᠤᠬᠠᠶ ᠰᠤᠷᠤᠯᠴᠠᠯᠭ᠎ᠠ ᠬᠥᠮᠦᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠮᠠᠨ ᠤ ᠲᠤᠭᠤᠷᠢᠭ ᠤᠨ ᠠᠵᠢᠯ ᠤᠨ ᠲᠥᠰᠦᠯ ᠢ ᠰᠤᠳᠤᠯᠤᠨ ᠬᠢᠨᠠᠨ ᠵᠥᠪᠯᠡᠪᠡ᠃ ᠲᠤᠭᠤᠷᠢᠭ ᠤᠨ | ᠨᠠᠮ ᠤᠨ ᠬᠤᠷᠢᠶᠠᠨ ᠤ ᠱᠦᠵᠢ ᠶᠠᠨ ᠸᠧᠨ ᠯᠦᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃ | ᠬᠤᠷᠠᠯ ᠠᠴᠠ ᠵᠢᠭᠠᠵᠦ ᠭᠠᠷᠭᠠᠭᠰᠠᠨ ᠨᠢ᠂ ᠪᠦᠬᠦ ᠨᠠᠮ ᠤᠨ ᠬᠡᠪᠴᠢᠶᠡᠨ ᠳᠤ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠪᠣᠯ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ | ᠪᠤᠳᠤᠯᠭ᠎ᠠ ᠪᠠᠶᠢᠷᠢᠯᠠᠭᠤᠯᠤᠯᠲᠠ ᠪᠣᠯᠤᠨ᠎ᠠ᠃ ᠪᠦᠬᠦ ᠲᠤᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ | ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠪᠣᠳᠠᠲᠤ | ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ | ᠪᠡᠶᠡᠯᠡᠭᠦᠯᠬᠦ ᠬᠡᠷᠡᠭᠲᠡᠢ ᠭᠡᠵᠠᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ | ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠪᠣᠯᠤᠨ ᠲᠥᠪ ᠤᠨ ᠨᠠᠢᠮᠠᠨ ᠲᠣᠭᠲᠠᠭᠠᠯ ᠵᠢᠴᠢ | ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ | ᠪᠦᠯᠦᠭ ᠬᠤᠪᠢᠶᠠᠨ ᠲᠦᠷᠦᠯ ᠬᠤᠪᠢᠶᠠᠨ ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠵᠤ᠂ ᠰᠤᠷᠭᠠᠨ | ᠬᠥᠮᠦᠵᠢᠯ ᠤᠨ ᠠᠷᠭ᠎ᠠ ᠬᠡᠯᠪᠡᠷᠢ ᠶᠢ ᠪᠠᠶᠠᠯᠢᠭᠵᠢᠭᠤᠯᠤᠨ ᠥᠷᠭᠡᠳᠬᠡᠵᠦ᠂ ᠰᠤᠷᠤᠯᠴᠠᠯᠭ᠎ᠠ ᠬᠥᠮᠦᠵᠢᠯ ᠢ ᠰᠡᠳᠬᠢᠯ ᠳᠡᠭᠡᠨ | ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠢᠯᠡᠷᠡᠭᠦᠯᠬᠦ ᠶᠢ ᠪᠠᠲᠤᠯᠠᠬᠤ ᠬᠡᠷᠡᠭᠲᠡᠢ᠃ 7 ᠵᠦᠢᠯ ᠤᠨ ᠠᠷᠭ᠎ᠠ ᠵᠠᠮ ᠪᠠ 2 | ᠵᠦᠢᠯ ᠤᠨ ᠠᠷᠭ᠎ᠠ ᠵᠠᠮ ᠢ ᠭᠦᠢᠴᠡᠳ ᠬᠡᠷᠡᠭᠯᠡᠵᠦ᠂ ︽ᠳᠥᠷᠪᠡᠨ ᠰᠤᠷᠲᠠᠯ︾ ᠤᠨ ᠠᠰᠠᠭᠤᠳᠠᠯ ᠤᠨ ᠰᠢᠨ᠎ᠡ ᠢᠯᠡᠷᠡᠯ | ᠰᠢᠨ᠎ᠡ ᠬᠠᠨᠳᠤᠰᠢ ᠳᠤ ᠠᠩᠬᠠᠷᠤᠯ ᠢᠶᠠᠨ ᠲᠥᠪᠯᠡᠷᠡᠭᠦᠯᠦᠨ᠂ ᠮᠠᠨ ᠤ ᠲᠤᠭᠤᠷᠢᠭ ᠤᠨ ᠨᠠᠮ ᠤᠨ ᠭᠡᠰᠢᠭᠦᠨ | ᠺᠠᠳ᠋ᠷᠴᠤᠳ ᠤᠨ ᠰᠠᠬᠢᠯᠭ᠎ᠠ ᠪᠠᠲᠤ ᠣᠪᠣᠷ ᠰᠤᠷᠲᠠᠯ ᠤᠨ ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ | ᠠᠵᠢᠯ ᠳᠤ ᠠᠭᠤᠰᠤᠯᠴᠠᠭᠤᠯᠵᠤ᠂ ᠠᠰᠠᠭᠤᠳᠠᠯ ᠢ ᠭᠦᠨᠵᠡᠭᠡᠶ ᠡᠷᠢᠵᠦ᠂ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠶᠢ ᠴᠢᠩᠭ᠎ᠠ ᠪᠥᠭᠡᠳ ᠪᠣᠳᠠᠲᠠᠶ ᠪᠠᠷ ᠰᠠᠶᠢᠲᠤᠷ ᠠᠳᠬᠤᠬᠤ ᠬᠡᠷᠡᠭᠲᠡᠶ᠃ ᠡᠰᠡᠷᠭᠦ ᠲᠠᠯ᠎ᠠ ᠶᠢᠨ | ᠨᠡᠶᠢᠲᠡᠯᠢᠭ ᠬᠡᠷᠡᠭ ᠤᠨ ᠵᠢᠱᠢᠶ᠎ᠡ᠂ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠪᠠ ᠰᠡᠷᠡᠮᠵᠢᠯᠡᠭᠦᠯᠬᠦ ᠬᠥᠮᠦᠵᠢᠯ ᠤᠨ | ᠰᠠᠭᠤᠷᠢᠨ ᠭᠠᠵᠠᠷ ᠢ ᠰᠠᠶᠢᠲᠤᠷ ᠬᠡᠷᠡᠭᠯᠡᠵᠦ᠂ ᠰᠡᠷᠡᠮᠵᠢᠯᠡᠭᠦᠯᠬᠦ ᠬᠥᠮᠦᠵᠢᠯ ᠢ ᠭᠦᠨᠵᠡᠭᠡᠶ ᠥᠷᠨᠢᠭᠦᠯᠵᠦ᠂ ᠳᠡᠷᠭᠡᠳᠡᠬᠢ | ᠶᠠᠪᠤᠳᠠᠯ ᠢᠶᠠᠷ ᠳᠡᠷᠭᠡᠳᠡᠬᠢ ᠬᠥᠮᠦᠨ ᠢᠶᠠᠨ ᠰᠤᠷᠭᠠᠨ ᠬᠥᠮᠦᠵᠢᠭᠦᠯᠬᠦ ᠬᠡᠷᠡᠭᠲᠡᠶ᠃ ᠰᠤᠷᠤᠯᠴᠠᠯᠭ᠎ᠠ ᠬᠥᠮᠦᠵᠢᠯ ᠢ ᠪᠦᠬᠦ | ᠣᠷᠣᠨ ᠤ ᠭᠤᠣᠯ ᠭᠤᠣᠯᠳᠠᠯᠭ᠎ᠠ ᠲᠠᠢ ᠡᠭᠦᠷᠭᠡ ᠲᠠᠢ ᠨᠢᠭᠲᠠ ᠤᠶᠠᠯᠳᠤᠭᠤᠯᠵᠤ᠂ ᠨᠠᠮ ᠤᠨ ᠰᠤᠷᠲᠠᠯ ᠴᠢᠬᠡᠴᠢ | ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠬᠤ᠂ ᠬᠡᠯᠪᠡᠷᠢᠴᠢ | ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ | ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠲᠠᠢ ᠨᠢᠭᠲᠠ | ᠤᠶᠠᠯᠳᠤᠭᠤᠯᠵᠤ᠂ ᠱᠠᠳᠤ ᠱᠠᠳᠤ ᠪᠠᠷ ᠦᠨᠳᠦᠰᠦᠨ ᠱᠠᠲᠤᠨ ᠤ ᠳᠠᠷᠤᠭᠠᠰᠤ ᠶᠢ ᠨᠡᠮᠡᠭᠳᠡᠭᠦᠯᠬᠦ ᠵᠡᠷᠭᠡ ᠠᠰᠠᠭᠤᠳᠠᠯ ᠢ | ᠡᠷᠡᠰ ᠬᠤᠷᠢᠭᠯᠠᠵᠤ᠂ ᠰᠤᠷᠤᠯᠴᠠᠯᠭ᠎ᠠ ᠬᠥᠮᠦᠵᠢᠯ ᠤᠨ ᠪᠣᠳᠠᠲᠤ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠬᠦ | ᠬᠡᠷᠡᠭᠲᠡᠢ ᠭᠡᠵᠠᠢ᠃ | |