ᠤᠳᠠ ᠲᠣᠭᠤᠷᠢᠭ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠢ ᠡᠬᠢᠯᠡᠭᠦᠯᠪᠡ
ᠨᠡᠶᠢᠲᠡᠯᠡᠭᠰᠡᠨ ᠴᠠᠭ᠄
2025/3/24
      3 ᠰᠠᠷ᠎ᠠ ᠶᠢᠨ 21 ᠤ ᠡᠳᠦᠷ᠂ ᠤᠳᠠ ᠲᠣᠭᠤᠷᠢᠭ ᠤᠨ ᠨᠠᠮ ᠤᠨ ᠬᠤᠷᠢᠶ᠎ᠠ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠬᠤᠷᠠᠯᠳᠤᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠦᠬᠠᠶ ᠬᠤᠲᠠ ᠶᠢᠨ ᠨᠠᠮ ᠤᠨ ᠬᠤᠷᠢᠶᠠᠨ ᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠲᠤᠬᠠᠶ ᠰᠤᠷᠤᠯᠴᠠᠯᠭ᠎ᠠ ᠬᠥᠮᠦᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠲᠤᠭᠤᠷᠢᠭ ᠤᠨ ᠠᠵᠢᠯ ᠤᠨ ᠲᠥᠰᠦᠯ ᠢ ᠰᠤᠳᠤᠯᠤᠨ ᠬᠢᠨᠠᠨ ᠵᠥᠪᠯᠡᠪᠡ᠃ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃      ᠬᠤᠷᠠᠯ ᠠᠴᠠ ᠵᠢᠭᠠᠵᠦ ᠭᠠᠷᠭᠠᠭᠰᠠᠨ ᠨᠢ᠂ ᠪᠦᠬᠦ ᠨᠠᠮ ᠤᠨ ᠬᠡᠪᠴᠢᠶᠡᠨ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ᠎ᠠ᠃ ᠪᠦᠬᠦ ᠲᠤᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ ᠭᠡᠵᠠᠢ᠃       ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠪᠣᠯᠤᠨ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠪᠦᠯᠦᠭ ᠬᠤᠪᠢᠶᠠᠨ ᠲᠦᠷᠦᠯ ᠬᠤᠪᠢᠶᠠᠨ ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠵᠤ᠂ ᠰᠤᠷᠭᠠᠨ ᠬᠥᠮᠦᠵᠢᠯ ᠤᠨ ᠠᠷᠭ᠎ᠠ ᠬᠡᠯᠪᠡᠷᠢ ᠶᠢ ᠪᠠᠶᠠᠯᠢᠭᠵᠢᠭᠤᠯᠤᠨ ᠥᠷᠭᠡᠳᠬᠡᠵᠦ᠂ ᠰᠤᠷᠤᠯᠴᠠᠯᠭ᠎ᠠ ᠬᠥᠮᠦᠵᠢᠯ ᠢ ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠢᠯᠡᠷᠡᠭᠦᠯᠬᠦ ᠶᠢ ᠪᠠᠲᠤᠯᠠᠬᠤ ᠬᠡᠷᠡᠭᠲᠡᠢ᠃ 7 ᠵᠦᠢᠯ ᠤᠨ ᠠᠷᠭ᠎ᠠ ᠵᠠᠮ ᠪᠠ 2 ᠵᠦᠢᠯ ᠤᠨ ᠠᠷᠭ᠎ᠠ ᠵᠠᠮ ᠢ ᠭᠦᠢᠴᠡᠳ ᠬᠡᠷᠡᠭᠯᠡᠵᠦ᠂ ︽ᠳᠥᠷᠪᠡᠨ ᠰᠤᠷᠲᠠᠯ︾ ᠤᠨ ᠠᠰᠠᠭᠤᠳᠠᠯ ᠤᠨ ᠰᠢᠨ᠎ᠡ ᠢᠯᠡᠷᠡᠯ ᠰᠢᠨ᠎ᠡ ᠬᠠᠨᠳᠤᠰᠢ ᠳᠤ ᠠᠩᠬᠠᠷᠤᠯ ᠢᠶᠠᠨ ᠲᠥᠪᠯᠡᠷᠡᠭᠦᠯᠦᠨ᠂ ᠮᠠᠨ ᠤ ᠲᠤᠭᠤᠷᠢᠭ ᠤᠨ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠣᠪᠣᠷ ᠰᠤᠷᠲᠠᠯ ᠤᠨ ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠳᠤ ᠠᠭᠤᠰᠤᠯᠴᠠᠭᠤᠯᠵᠤ᠂ ᠠᠰᠠᠭᠤᠳᠠᠯ ᠢ ᠭᠦᠨᠵᠡᠭᠡᠶ ᠡᠷᠢᠵᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠢᠩᠭ᠎ᠠ ᠪᠥᠭᠡᠳ ᠪᠣᠳᠠᠲᠠᠶ ᠪᠠᠷ ᠰᠠᠶᠢᠲᠤᠷ ᠠᠳᠬᠤᠬᠤ ᠬᠡᠷᠡᠭᠲᠡᠶ᠃ ᠡᠰᠡᠷᠭᠦ ᠲᠠᠯ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ᠂ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠪᠠ ᠰᠡᠷᠡᠮᠵᠢᠯᠡᠭᠦᠯᠬᠦ ᠬᠥᠮᠦᠵᠢᠯ ᠤᠨ ᠰᠠᠭᠤᠷᠢᠨ ᠭᠠᠵᠠᠷ ᠢ ᠰᠠᠶᠢᠲᠤᠷ ᠬᠡᠷᠡᠭᠯᠡᠵᠦ᠂ ᠰᠡᠷᠡᠮᠵᠢᠯᠡᠭᠦᠯᠬᠦ ᠬᠥᠮᠦᠵᠢᠯ ᠢ ᠭᠦᠨᠵᠡᠭᠡᠶ ᠥᠷᠨᠢᠭᠦᠯᠵᠦ᠂ ᠳᠡᠷᠭᠡᠳᠡᠬᠢ ᠶᠠᠪᠤᠳᠠᠯ ᠢᠶᠠᠷ ᠳᠡᠷᠭᠡᠳᠡᠬᠢ ᠬᠥᠮᠦᠨ ᠢᠶᠠᠨ ᠰᠤᠷᠭᠠᠨ ᠬᠥᠮᠦᠵᠢᠭᠦᠯᠬᠦ ᠬᠡᠷᠡᠭᠲᠡᠶ᠃ ᠰᠤᠷᠤᠯᠴᠠᠯᠭ᠎ᠠ ᠬᠥᠮᠦᠵᠢᠯ ᠢ ᠪᠦᠬᠦ ᠣᠷᠣᠨ ᠤ ᠭᠤᠣᠯ ᠭᠤᠣᠯᠳᠠᠯᠭ᠎ᠠ ᠲᠠᠢ ᠡᠭᠦᠷᠭᠡ ᠲᠠᠢ ᠨᠢᠭᠲᠠ ᠤᠶᠠᠯᠳᠤᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠬᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠲᠠᠢ ᠨᠢᠭᠲᠠ ᠤᠶᠠᠯᠳᠤᠭᠤᠯᠵᠤ᠂ ᠱᠠᠳᠤ ᠱᠠᠳᠤ ᠪᠠᠷ ᠦᠨᠳᠦᠰᠦᠨ ᠱᠠᠲᠤᠨ ᠤ ᠳᠠᠷᠤᠭᠠᠰᠤ ᠶᠢ ᠨᠡᠮᠡᠭᠳᠡᠭᠦᠯᠬᠦ ᠵᠡᠷᠭᠡ ᠠᠰᠠᠭᠤᠳᠠᠯ ᠢ ᠡᠷᠡᠰ ᠬᠤᠷᠢᠭᠯᠠᠵᠤ᠂ ᠰᠤᠷᠤᠯᠴᠠᠯᠭ᠎ᠠ ᠬᠥᠮᠦᠵᠢᠯ ᠤᠨ ᠪᠣᠳᠠᠲᠤ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ ᠭᠡᠵᠠᠢ᠃   
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号