3 ᠰᠠᠷ᠎ᠠ ᠶᠢᠨ 25 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ | ︽ᠱᠦᠵᠢ ᠶᠢᠨ ᠦᠢᠯᠡᠴᠢᠯᠡᠭᠡᠨ ᠤ ᠡᠳᠦᠷ︾ ᠢ ᠥᠷᠨᠢᠭᠦᠯᠬᠦ ᠶᠢᠨ ᠬᠠᠮᠲᠤ ᠭᠤᠣᠯᠳᠠᠯᠭ᠎ᠠ ᠲᠠᠢ ᠲᠦᠷᠦᠯ ᠵᠦᠢᠯ ᠤᠨ | ᠪᠦᠳᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ᠃ ᠲᠣᠭᠤᠷᠢᠭ ᠤᠨ ᠤᠳᠤᠷᠢᠳᠤᠯᠭ᠎ᠠ ᠰᠢᠤᠢ ᠢ ᠱᠦ᠂ | ᠯᠢᠦ ᠵᠢᠶᠠᠨ ᠵᠢᠶᠦ᠋ᠨ ᠣᠷᠣᠯᠴᠠᠪᠠ᠃ | ᠶᠠᠨ ᠸᠧᠨ ᠯᠦᠩ ᠨᠠᠷ ᠤᠷᠢᠳ ᠬᠤᠵᠢᠳ ᠰᠢᠩ ᠹᠠ ᠰᠢᠨᠵᠢᠯᠡᠬᠦ ᠤᠬᠠᠭᠠᠨ ᠮᠡᠷᠭᠡᠵᠢᠯ᠂ ᠴᠢ ᠰᠢᠨ᠎ᠡ ᠶᠢ | ᠡᠭᠦᠳᠬᠦ ᠮᠠᠲ᠋ᠧᠷᠢᠶᠠᠯ᠂ ᠯᠢᠶᠠᠨ ᠴᠢᠶᠦ᠋ᠨ ᠬᠢᠮᠢ ᠶᠢᠨ ᠠᠵᠤ ᠦᠢᠯᠡᠳᠪᠦᠷᠢ᠂ ᠢ ᠬᠤᠸᠠ ᠬᠢᠮᠢ ᠶᠢᠨ ᠠᠵᠤ | ᠦᠢᠯᠡᠳᠪᠦᠷᠢ ᠳᠤ ᠬᠦᠷᠴᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠭᠦᠨᠵᠡᠭᠡᠢ ᠶᠠᠷᠢᠯᠴᠠᠵᠤ᠂ ᠲᠦᠷᠦᠯ | ᠵᠦᠢᠯ ᠤᠨ ᠲᠥᠯᠥᠪᠵᠢᠭᠦᠯᠭᠡ᠂ ᠵᠠᠬ᠎ᠠ ᠳᠡᠯᠭᠡᠭᠦᠷ ᠤᠨ ᠵᠠᠬᠢᠶᠠᠯᠠᠭ᠎ᠠ ᠶᠢᠨ ᠬᠠᠭᠤᠳᠠᠰᠤ ᠪᠣᠯᠤᠨ ᠪᠦᠳᠦᠭᠡᠨ | ᠪᠠᠶᠢᠭᠤᠯᠤᠯᠲᠠ ᠶᠢᠨ ᠠᠬᠢᠴᠠ ᠶᠢ ᠨᠠᠷᠢᠨ ᠣᠶᠢᠯᠠᠭᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ | ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠲᠤᠬᠠᠢ ᠶᠢᠨ ᠲᠠᠯᠠᠪᠠᠢ ᠳᠤ ᠰᠤᠳᠤᠯᠤᠨ ᠰᠢᠢᠳᠪᠦᠷᠢᠯᠡᠬᠦ ᠶᠢᠨ | ᠬᠠᠮᠲᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠲᠤᠬᠠᠢ ᠪᠣᠳᠠᠲᠠᠢ | ᠱᠠᠭᠠᠷᠳᠠᠯᠭ᠎ᠠ ᠳᠤᠷᠠᠳᠴᠠᠢ᠃ ᠲᠡᠷᠡ ᠬᠡᠯᠡᠭᠰᠡᠨ ᠨᠢ᠂ ᠵᠠᠰᠠᠭ ᠤᠨ ᠣᠷᠳᠣᠨ ᠤ ᠬᠥᠭᠦᠷᠭᠡ ᠬᠤᠯᠪᠣᠭᠠᠰᠤ ᠱᠤᠭᠤᠮ ᠤᠨ | ᠦᠢᠯᠡᠳᠦᠯ ᠢ ᠰᠠᠶᠢᠲᠤᠷ ᠪᠠᠳᠠᠷᠠᠭᠤᠯᠵᠤ᠂ ᠲᠠᠪᠴᠠᠩ ᠪᠠᠶᠢᠭᠤᠯᠤᠨ ᠣᠷᠣᠨ ᠪᠦᠰᠡ ᠶᠢᠨ ᠳᠣᠲᠣᠷᠠᠬᠢ ᠠᠵᠤ | ᠠᠬᠤᠶᠢᠯᠠᠯ ᠤᠨ ᠭᠠᠷ ᠬᠤᠯᠪᠣᠯᠴᠠᠨ ᠬᠠᠮᠲᠤᠷᠠᠯᠴᠠᠬᠤ᠂ ᠪᠥᠭᠡᠮᠨᠡᠷᠡᠨ ᠬᠥᠭᠵᠢᠬᠦ ᠶᠢ ᠬᠦᠴᠦᠯᠡᠨ ᠠᠬᠢᠭᠤᠯᠵᠤ᠂ ᠪᠣᠬᠢᠷᠲᠤᠯ | ᠦᠭᠡᠢ ᠴᠠᠬᠢᠯᠭᠠᠨ ᠢᠯᠴᠢ ᠶᠢᠨ ᠴᠠᠬᠢᠯᠭᠠᠨ ᠤᠯᠠᠨ ᠡᠨᠧᠷᠭᠢ ᠪᠠᠷ ᠬᠠᠷᠢᠯᠴᠠᠨ ᠨᠥᠬᠦᠪᠥᠷᠢᠯᠡᠬᠦ ᠶᠢ ᠠᠬᠢᠭᠤᠯᠬᠤ | ᠲᠠᠯ᠎ᠠ ᠪᠠᠷ ᠰᠢᠨ᠎ᠡ ᠬᠠᠮᠲᠤᠷᠠᠯᠴᠠᠭᠠᠨ ᠤ ᠴᠡᠭ ᠢ ᠣᠯᠵᠤ᠂ ᠡᠬᠢ ᠪᠠᠶᠠᠯᠢᠭ ᠢ ᠨᠡᠩ ᠦᠷ᠎ᠡ ᠪᠦᠲᠦᠮᠵᠢ ᠪᠠ ᠦᠷ᠎ᠡ | ᠠᠰᠢᠭ ᠲᠠᠢ ᠬᠦᠷᠢᠶ᠎ᠡ ᠲᠡᠰᠢ ᠥᠷᠭᠡᠳᠬᠡᠵᠦ᠂ ᠤᠯᠠᠨ ᠲᠠᠯ᠎ᠠ ᠪᠠᠷ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ | ᠬᠡᠷᠡᠭᠲᠡᠢ᠃ ᠠᠵᠤ ᠠᠬᠤᠶᠢᠯᠠᠯ ᠤᠨ ᠬᠢᠨ ᠰᠢᠨ᠎ᠡ ᠶᠢ ᠡᠭᠦᠳᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ | ᠵᠠᠬ᠎ᠠ ᠳᠡᠯᠭᠡᠭᠦᠷ ᠤᠨ ᠬᠤᠪᠢᠷᠠᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠲᠦᠷᠭᠡᠨ ᠴᠤᠤᠷᠢᠶᠠᠲᠤᠨ ᠳᠠᠭᠠᠵᠤ᠂ | ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ ᠪᠠᠨ ᠴᠢᠩᠭᠠᠳᠬᠠᠵᠤ᠂ ᠲᠦᠷᠦᠯ ᠵᠦᠢᠯ᠂ ᠶᠠᠰᠤ ᠴᠢᠨᠠᠷ ᠪᠣᠯᠤᠨ ᠲᠦᠷᠦᠯ | ᠲᠡᠮᠳᠡᠭ ᠤᠨ ᠴᠢᠳᠠᠪᠬᠢ ᠳᠡᠰ ᠢ ᠦᠷᠭᠦᠯᠵᠢᠯᠡᠨ ᠳᠡᠭᠡᠭᠰᠢᠯᠡᠭᠦᠯᠵᠦ᠂ ᠶᠠᠰᠤ ᠴᠢᠨᠠᠷ ᠢᠶᠠᠷ ᠢᠯᠠᠯᠲᠠ ᠤᠯᠬᠤ ᠠᠵᠤ | ᠦᠢᠯᠡᠰ ᠤᠨ ᠰᠢᠨ᠎ᠡ ᠢᠷᠡᠭᠡᠳᠦᠢ ᠶᠢ ᠴᠣᠭᠴᠠᠯᠠᠬᠤ ᠬᠡᠷᠡᠭᠲᠡᠢ᠃ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ | ᠴᠢᠩᠭ᠎ᠠ ᠠᠩᠬᠠᠷᠴᠤ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ᠠᠵᠢᠯ ᠤᠨ ᠳᠠᠷᠠᠭᠠᠯᠠᠯ ᠢ | ᠰᠢᠯᠤᠭᠤᠳᠬᠠᠨ᠂ ᠠᠮᠤᠷ ᠲᠦᠪᠰᠢᠨ ᠪᠠ ᠶᠠᠰᠤ ᠴᠢᠨᠠᠷ ᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ᠂ ᠲᠦᠷᠦᠯ | ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠲᠦᠷᠦᠯ ᠵᠦᠢᠯ ᠢ ᠡᠷᠲᠡ ᠪᠦᠳᠦᠭᠡᠨ | ᠪᠠᠶᠢᠭᠤᠯᠬᠤ᠂ ᠡᠷᠲᠡ ᠠᠰᠢᠭᠯᠠᠯᠲᠠ ᠳᠤ ᠣᠷᠣᠭᠤᠯᠬᠤ᠂ ᠡᠷᠲᠡ ᠦᠷ᠎ᠡ ᠪᠦᠲᠦᠮᠵᠢ ᠤᠯᠬᠤ ᠶᠢ ᠴᠢᠷᠮᠠᠶᠢᠨ ᠪᠡᠶᠡᠯᠡᠭᠦᠯᠬᠦ | ᠬᠡᠷᠡᠭᠲᠡᠢ᠃ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠭᠦᠨᠵᠡᠭᠡᠢ | ᠨᠠᠶᠢᠳᠠᠪᠤᠷᠢᠵᠢᠭᠤᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠪᠦᠬᠦ ᠲᠠᠯ᠎ᠠ ᠶᠢᠨ᠂ ᠪᠦᠬᠦ ᠦᠶᠡᠯᠡᠯ ᠤᠨ | ᠬᠤᠭᠤᠴᠠᠭ᠎ᠠ᠂ ᠪᠦᠬᠦ ᠡᠯᠧᠮᠧᠨ᠋ᠲ ᠤᠨ ᠦᠢᠯᠡᠴᠢᠯᠡᠭᠡᠨ ᠤ ᠪᠠᠲᠤᠯᠠᠭ᠎ᠠ ᠬᠠᠩᠭᠠᠵᠤ᠂ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠪᠦᠬᠦ ᠲᠤᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ | ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠠᠢ᠃ |