ᠤᠳᠠ ᠲᠤᠭᠤᠷᠢᠭ ᠤᠨ ᠨᠠᠮ ᠤᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠥᠪᠯᠡᠷᠡᠭᠦᠯᠦᠨ ᠨᠣᠮ ᠤᠩᠰᠢᠬᠤ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2025/3/24
     3 ᠰᠠᠷ᠎ᠠ ᠶᠢᠨ 26 ᠤ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠤᠨ ᠲᠥᠪᠯᠡᠷᠡᠭᠦᠯᠦᠨ ᠨᠣᠮ ᠤᠩᠰᠢᠬᠤ ᠠᠩᠭᠢ ᠵᠢᠴᠢ ᠲᠤᠭᠤᠷᠢᠭ ᠤᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ 2025 ᠣᠨ ᠤ ᠭᠤᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠰᠤᠳᠤᠯᠤᠨ ᠶᠠᠷᠢᠯᠴᠠᠬᠤ ︵ᠥᠷᠭᠡᠳᠬᠡᠭᠰᠡᠨ︶ ᠬᠤᠷᠠᠯ ᠬᠤᠷᠠᠯᠳᠤᠵᠤ᠂ ᠪᠥᠬᠦ ᠲᠤᠭᠤᠷᠢᠭ ᠤᠨ ᠡᠯ᠎ᠡ ᠱᠠᠲᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠥᠬᠡᠶ ᠨᠠᠶᠢᠳᠠᠪᠤᠷᠢᠵᠢᠭᠤᠯᠵᠤ᠂ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠵᠤ ᠣᠷᠳᠣ ᠬᠤᠭᠤᠴᠠᠭ᠎ᠠ ᠪᠠᠷ ᠪᠦᠲᠦᠮᠵᠢᠲᠡᠶ ᠪᠣᠯᠭᠠᠬᠤ ᠶᠢ ᠵᠢᠱᠢᠶ᠎ᠡ ᠦᠵᠡᠭᠦᠯᠦᠨ ᠳᠠᠶᠢᠴᠢᠯᠠᠪᠠ᠃ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠳᠠᠷᠤᠭ᠎ᠠ ᠯᠢᠦ ᠬᠤ᠋᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠬᠤᠤ ᠯᠢ ᠫᠢᠩ᠂ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠭᠤᠤ ᠲᠢᠶᠧ ᠨᠠᠨ ᠵᠢᠴᠢ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ᠂ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠨᠥᠬᠦᠳ᠂ ᠲᠤᠭᠤᠷᠢᠭ ᠤᠨ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ︽ᠬᠤᠶᠠᠷ ᠳᠠᠷᠤᠭ᠎ᠠ︾ ᠪᠣᠯᠤᠨ ᠤᠳᠠ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠤᠳᠤᠷᠢᠳᠬᠤ ᠪᠠᠭ ᠤᠨ ᠪᠦᠷᠢᠯᠳᠦᠬᠦᠨ ᠣᠷᠣᠯᠴᠠᠪᠠ᠃      ᠲᠣᠰ ᠤᠳᠠᠭᠠᠨ ᠤ ᠲᠥᠪᠯᠡᠷᠡᠭᠦᠯᠦᠨ ᠤᠩᠰᠢᠬᠤ ᠠᠩᠭᠢ ᠬᠤᠶᠠᠷ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠰᠤᠷᠤᠯᠴᠠᠬᠤ ᠠᠭᠤᠯᠭ᠎ᠠ ᠳᠤ ᠭᠤᠤᠯᠳᠠᠭᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ︽ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠰᠢ ᠶᠢᠨ ᠫᠢᠩ ᠤᠨ ᠥᠭᠦᠯᠡᠯᠲᠡ ᠶᠢᠨ ᠲᠡᠭᠦᠪᠦᠷᠢ︾︽ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠶ ᠴᠢᠬᠤᠯᠠ ᠦᠵᠡᠯ ᠰᠠᠨᠠᠭᠠᠨ ᠤ ᠲᠦᠢᠮᠣ ᠣᠨᠣᠯ︾ ᠵᠢᠴᠢ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠪᠣᠯᠤᠨ ᠦᠬᠠᠶ ᠬᠤᠲᠠ ᠶᠢᠨ ᠨᠠᠮ ᠤᠨ ᠬᠤᠷᠢᠶ᠎ᠠ᠂ ᠤᠳᠠ ᠲᠣᠭᠤᠷᠢᠭ ᠤᠨ ᠨᠠᠮ ᠤᠨ ᠬᠤᠷᠢᠶᠠᠨ ᠤ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠲᠤᠬᠠᠶ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠢ ᠪᠠᠭᠲᠠᠭᠠᠨ᠎ᠠ᠃   
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号