3 ᠰᠠᠷ᠎ᠠ ᠶᠢᠨ 21 ᠤ ᠡᠳᠦᠷ ᠤᠨ ᠦᠳᠡ ᠶᠢᠨ ᠡᠮᠦᠨ᠎ᠡ᠂ ᠤᠳᠠ ᠲᠣᠭᠤᠷᠢᠭ ᠤᠨ ᠶᠢᠰᠦᠳᠦᠭᠡᠷ | ᠬᠤᠭᠤᠴᠠᠭᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 154 ᠳ᠋ᠦᠭᠡᠷ ᠬᠤᠷᠠᠯ ᠵᠢᠴᠢ | ᠲᠤᠭᠤᠷᠢᠭ ᠤᠨ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ | 2025 ᠣᠨ ᠤ 2 ᠳ᠋ᠤᠭᠠᠷ ᠤᠳᠠᠭᠠᠨ ᠤ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ | ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠲᠥᠪ ᠬᠤᠷᠢᠶ᠎ᠠ᠂ ᠥᠪᠡᠷᠲᠡᠭᠡᠨ | ᠵᠠᠰᠠᠬᠤ ᠣᠷᠣᠨ ᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ᠂ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠮᠠᠨ ᠤ ᠲᠤᠭᠤᠷᠢᠭ ᠤᠨ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ | ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ ᠬᠤᠷᠠᠯ ᠢ ᠡᠷᠭᠢᠯᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠭᠦᠢᠵᠧᠦ᠂ ᠶᠦᠨᠨᠠᠨ ᠳᠤ | ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ | ᠴᠢᠨᠠᠷ ᠰᠠᠶᠢᠲᠠᠢ ᠬᠥᠭᠵᠢᠯᠲᠡ ᠪᠠᠷ ᠪᠦᠬᠦ ᠲᠠᠯ᠎ᠠ ᠶᠢ ᠡᠵᠡᠮᠳᠡᠬᠦ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ | ︽ᠵᠢᠷᠭᠤᠭᠠᠨ ᠠᠵᠢᠯᠯᠠᠭ᠎ᠠ︾ ᠪᠣᠯᠤᠨ ᠦᠬᠠᠢ ᠬᠤᠳᠠ ᠶᠢᠨ ︽ᠠᠷᠪᠠᠨ ᠭᠤᠣᠯᠳᠠᠯᠭ᠎ᠠ ᠲᠠᠢ ᠠᠵᠢᠯ︾ ᠲᠠᠢ | ᠤᠶᠠᠯᠳᠤᠭᠤᠯᠵᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ | ᠲᠦᠷᠭᠡᠳᠬᠡᠨ ᠠᠬᠢᠭᠤᠯᠵᠤ᠂ ᠣᠷᠭᠠᠨᠢᠭ ᠴᠠᠬᠢᠭᠤᠷ᠂ BDO ᠵᠡᠷᠭᠡ ᠨᠢᠭᠡ ᠴᠤᠬᠴᠠᠵᠢᠭᠤᠯᠤᠬᠰᠠᠨ ᠠᠵᠤ ᠦᠢᠯᠡᠰ ᠤᠨ | ᠬᠡᠯᠬᠢᠶ᠎ᠡ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠪᠠᠭ᠎ᠠ ᠮᠥᠷᠲᠡᠭᠡᠨ ᠨᠠᠷᠢᠯᠢᠭ᠂ ᠪᠠᠭ᠎ᠠ ᠮᠥᠷᠲᠡᠭᠡᠨ ᠬᠦᠴᠦᠷᠬᠡᠭ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠨ ᠪᠠᠶᠢᠭᠤᠯᠬᠤ ᠬᠡᠷᠡᠭᠲᠡᠢ ᠭᠡᠵᠠᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ | ᠰᠤᠷᠤᠯᠴᠠᠯᠭ᠎ᠠ ᠬᠥᠮᠦᠵᠢᠯ ᠢ ᠪᠦᠬᠦ ᠵᠢᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ | ᠪᠣᠯᠭᠠᠵᠤ᠂ ᠬᠠᠷᠠᠯᠲᠠ ᠱᠠᠭᠠᠷᠳᠠᠯᠭ᠎ᠠ ᠪᠣᠯᠤᠨ ᠡᠭᠦᠷᠭᠡ ᠶᠢᠨ ᠲᠤᠬᠢᠷᠠᠭᠤᠯᠤᠯᠳᠠ ᠶᠢ ᠴᠢᠩᠭ᠎ᠠ ᠵᠢᠷᠤᠮᠯᠠᠨ᠂ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠤᠷᠤᠯᠴᠠᠯᠭ᠎ᠠ | ᠬᠥᠮᠦᠵᠢᠯ ᠢ ᠴᠢᠨᠠᠷ ᠰᠠᠶᠢᠲᠠᠢ ᠪᠡᠶᠡᠯᠡᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ ᠲᠣᠭᠲᠠᠯ ᠬᠦᠴᠦᠨ᠂ ᠵᠠᠩ | ᠳᠠᠳᠬᠠᠯ ᠢ ᠪᠤᠢ ᠪᠣᠯᠭᠠᠬᠤ ᠶᠢ ᠠᠬᠢᠭᠤᠯᠵᠤ᠂ ᠰᠢᠯᠢᠳᠡᠭ ᠰᠤᠷᠲᠠᠯ ᠢᠶᠠᠷ ᠰᠡᠳᠬᠢᠯ ᠢᠶᠠᠨ ᠨᠢᠭᠡᠳᠬᠡᠨ ᠬᠦᠴᠦ ᠪᠠᠨ | ᠬᠠᠮᠲᠤᠳᠬᠠᠵᠤ᠂ ᠠᠵᠢᠯ ᠬᠢᠵᠦ ᠦᠢᠯᠡᠰ ᠪᠤᠰᠬᠠᠬᠤ ᠬᠡᠷᠡᠭᠲᠡᠢ ᠭᠡᠵᠠᠢ᠃ | ᠬᠤᠷᠠᠯ ᠠᠴᠠ ᠲᠥᠪᠯᠡᠷᠡᠭᠦᠯᠦᠨ ᠴᠡᠭᠴᠡᠯᠡᠨ ᠵᠠᠰᠠᠬᠤ ᠬᠤᠯᠪᠣᠭᠳᠠᠯ ᠪᠦᠬᠦᠢ ᠠᠵᠢᠯ ᠤᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ︽ᠤᠳᠠ ᠲᠣᠭᠤᠷᠢᠭ ᠤᠨ 2025 ᠣᠨ ᠤ ᠤᠯᠤᠰ ᠲᠦᠷᠦ ᠶᠢᠨ ᠵᠥᠪᠯᠡᠯᠭᠡᠨ ᠤ | ᠵᠥᠪᠯᠡᠬᠦ ᠲᠥᠯᠥᠪᠯᠡᠭᠡ︾︽ᠤᠳᠠ ᠲᠣᠭᠤᠷᠢᠭ ᠤᠨ 2025 ᠣᠨ ᠤ ᠲᠦᠷᠦ ᠶᠢᠨ ᠨᠠᠮ ᠤᠨ ᠵᠥᠪᠯᠡᠬᠦ ᠲᠥᠯᠥᠪᠯᠡᠭᠡ︾ | ᠵᠡᠷᠭᠡ ᠪᠢᠴᠢᠭ ᠮᠠᠲ᠋ᠧᠷᠢᠶᠠᠯ ᠢ ᠰᠤᠳᠤᠯᠤᠨ ᠬᠢᠨᠠᠨ ᠵᠥᠪᠯᠡᠪᠡ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |