ᠣᠶᠢᠷ᠎ᠠ ᠳᠤ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠯᠢᠦ | ᠬᠤ᠋ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠤᠨ ᠪᠠᠶᠢᠭᠤᠯᠭ᠎ᠠ ᠶᠢᠨ ᠨᠠᠮ ᠤᠨ ᠡᠭᠦᠷ ᠤᠨ 2024 | ᠣᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠨᠠᠮ ᠤᠨ ᠡᠭᠦᠷ ᠤᠨ ᠬᠠᠷᠢᠭᠤᠴᠠᠯᠭᠠᠲᠠᠨ ᠨᠥᠬᠦᠳ 2024 ᠣᠨ ᠤ ᠨᠠᠮ ᠤᠨ ᠡᠭᠦᠷ ᠤᠨ | ᠠᠵᠢᠯ ᠢ ᠥᠷᠨᠢᠭᠦᠯᠦᠭᠰᠡᠨ ᠪᠠᠶᠢᠳᠠᠯ᠂ ᠨᠠᠮ ᠤᠨ ᠡᠭᠦᠷ ᠤᠨ ᠭᠡᠰᠢᠭᠦᠳ ᠤᠨ ᠬᠤᠷᠠᠯ ᠤᠨ ᠰᠢᠭᠦᠮᠵᠢᠯᠡᠯ ᠪᠠ ᠥᠪᠡᠷ ᠤᠨ | ᠰᠢᠭᠦᠮᠵᠢᠯᠡᠯ ᠤᠨ ᠪᠠᠶᠢᠳᠠᠯ ᠢ ᠮᠡᠳᠡᠭᠳᠡᠵᠦ᠂ ᠨᠠᠮ ᠤᠨ ᠭᠡᠰᠢᠭᠦᠨ ᠲᠡᠰ ᠳᠠᠷᠠᠭᠠᠯᠠᠨ ᠬᠤᠪᠢ ᠬᠥᠮᠦᠨ ᠤ ᠬᠠᠷᠢᠴᠠᠭᠤᠯᠤᠨ | ᠪᠠᠶᠢᠴᠠᠭᠠᠵᠤ᠂ ᠬᠠᠷᠢᠯᠴᠠᠨ ᠰᠢᠭᠦᠮᠵᠢᠯᠡᠯ ᠬᠢᠭᠰᠡᠨ ᠪᠥᠭᠡᠳ ᠲᠤᠬᠠᠢ ᠶᠢᠨ ᠲᠠᠯᠠᠪᠠᠢ ᠳᠤ ᠨᠠᠮ ᠤᠨ ᠭᠡᠰᠢᠭᠦᠨ ᠤ | ᠠᠷᠠᠳᠴᠢᠯᠠᠯ ᠢᠶᠠᠷ ᠦᠨᠡᠯᠡᠯᠲᠡ ᠬᠢᠵᠡᠢ᠃ | ᠯᠢᠦ ᠬᠤ᠋ ᠬᠡᠯᠡᠭᠰᠡᠨ ᠨᠢ᠂ ᠡᠨᠡ ᠤᠳᠠᠭᠠᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠤᠨ | ᠪᠡᠯᠡᠳᠬᠡᠯ ᠭᠦᠢᠴᠡᠳ᠂ ᠠᠰᠠᠭᠤᠳᠠᠯ ᠢ ᠪᠠᠶᠢᠴᠠᠭᠠᠨ ᠳᠡᠯᠭᠡᠭᠰᠡᠨ ᠨᠢ ᠭᠦᠨᠵᠡᠭᠡᠶ᠂ ᠴᠡᠭᠴᠡᠯᠡᠨ ᠰᠠᠶᠢᠵᠢᠷᠠᠭᠤᠯᠬᠤ ᠠᠷᠭ᠎ᠠ | ᠬᠡᠮᠵᠢᠶ᠎ᠡ ᠨᠢ ᠪᠣᠳᠠᠲᠠᠶ ᠶᠢ ᠡᠷᠬᠢᠮᠯᠡᠵᠦ᠂ ᠰᠠᠶᠢᠨ ᠦᠷ᠎ᠡ ᠪᠦᠲᠦᠮᠵᠢ ᠣᠯᠵᠤ᠂ ᠵᠢᠱᠢᠭᠰᠡᠨ ᠬᠠᠷᠠᠯᠲᠠ ᠳᠠᠭᠠᠨ ᠬᠦᠷᠴᠡᠶ᠃ | ᠲᠡᠷᠡ ᠤᠯᠠᠨ ᠢ ᠤᠯᠤᠰ ᠲᠦᠷᠦ ᠶᠢᠨ ᠵᠢᠯᠣᠭᠤᠳᠤᠮᠵᠢ ᠶᠢ ᠴᠢᠩᠭᠠᠳᠬᠠᠬᠤ ᠲᠠᠯ᠎ᠠ ᠪᠠᠷ ᠪᠡᠶ᠎ᠡ ᠪᠠᠷ ᠢᠶᠠᠨ ᠦᠯᠢᠭᠡᠷ | ᠳᠠᠭᠤᠷᠢᠶᠠᠯ ᠦᠵᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠳᠤᠷᠠᠳᠤᠭᠰᠠᠨ ︽ᠲᠠᠪᠤ ᠶᠢ ᠪᠠᠷᠢᠮᠲᠠᠯᠠᠬᠤ︾ | ᠴᠢᠬᠤᠯᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ᠂ ᠨᠠᠮ ᠳᠠᠭᠠᠨ ᠦᠨᠡᠨᠴᠢ ᠰᠢᠳᠤᠷᠭᠤ᠂ ᠨᠠᠮ ᠤᠨ | ᠲᠥᠯᠥᠭᠡ ᠬᠠᠷᠢᠭᠤᠴᠠᠬᠤ ᠶᠢ ᠡᠷᠡᠰ ᠪᠡᠶᠡᠯᠡᠭᠦᠯᠬᠦ ᠬᠡᠷᠡᠭᠲᠡᠢ ᠭᠡᠵᠦ ᠵᠣᠷᠢᠭᠵᠢᠭᠤᠯᠪᠠ᠃ ᠲᠥᠪ ᠶᠣᠰᠣ ᠶᠢ ᠪᠠᠷᠢᠮᠲᠠᠯᠠᠨ | ᠰᠢᠨ᠎ᠡ ᠶᠢ ᠡᠭᠦᠳᠬᠦ ᠶᠢ ᠪᠠᠷᠢᠮᠲᠠᠯᠠᠬᠤ ᠲᠠᠯ᠎ᠠ ᠪᠠᠷ ᠴᠢᠳᠠᠮᠠᠭᠠᠢ ᠪᠠᠷ ᠬᠢᠵᠦ ᠴᠢᠳᠠᠮᠠᠭᠠᠢ ᠪᠠᠷ ᠠᠵᠢᠯᠯᠠᠵᠤ᠂ ᠤᠨᠤᠯ ᠤᠨ | ᠰᠤᠷᠤᠯᠴᠠᠯᠭ᠎ᠠ ᠪᠠᠨ ᠴᠢᠩᠭᠠᠳᠬᠠᠵᠤ᠂ ᠰᠢᠨ᠎ᠡ ᠶᠢ ᠡᠭᠦᠳᠬᠦ ᠴᠢᠳᠠᠪᠤᠷᠢ ᠪᠠᠨ ᠴᠢᠩᠭᠠᠳᠬᠠᠵᠤ᠂ ︽ᠭᠤᠷᠪᠠᠨ ᠦᠢᠯᠡᠴᠢᠯᠡᠭᠡ︾ | ᠶᠢᠨ ᠴᠢᠳᠠᠪᠤᠷᠢ ᠶᠢᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠥᠪᠯᠡᠭᠴᠢ ᠪᠠ ᠬᠠᠪᠰᠤᠷᠤᠭᠴᠢ ᠶᠢᠨ | ᠦᠢᠯᠡᠳᠦᠯ ᠢᠶᠠᠨ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ ᠶᠡᠭᠡ ᠲᠠᠯ᠎ᠠ ᠳᠤ ᠦᠢᠯᠡᠴᠢᠯᠡᠬᠦ ᠲᠠᠯ᠎ᠠ ᠪᠠᠷ | ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠥᠭᠡᠷᠡᠴᠢᠯᠡᠯᠲᠡ ᠶᠢᠨ ᠬᠥᠭᠵᠢᠯᠲᠡ ᠶᠢᠨ ᠳᠤᠮᠳᠠᠬᠢ ᠬᠦᠴᠢᠷ | ᠠᠰᠠᠭᠤᠳᠠᠯ ᠢ ᠴᠢᠩᠭ᠎ᠠ ᠠᠩᠬᠠᠷᠴᠤ᠂ ᠰᠠᠨᠠᠭᠠᠴᠢᠯᠠᠭ᠎ᠠ ᠠᠴᠠ ᠪᠠᠨ ᠪᠠᠶᠢᠴᠠᠭᠠᠨ ᠰᠤᠳᠤᠯᠤᠯᠲᠠ ᠬᠢᠵᠦ᠂ ᠠᠰᠠᠭᠤᠳᠠᠯ ᠢ | ᠰᠢᠢᠳᠪᠦᠷᠢᠯᠡᠬᠦ ᠰᠡᠳᠬᠢᠴᠡ ᠶᠢ ᠰᠦᠪᠡᠭᠴᠢᠯᠡᠵᠦ᠂ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢ ᠴᠢᠩᠭᠠᠳᠬᠠᠬᠤ | ᠲᠠᠯ᠎ᠠ ᠪᠠᠷ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ︽ᠭᠤᠷᠪᠠᠨ ᠬᠤᠷᠠᠯ ᠨᠢᠭᠡ ᠬᠢᠴᠢᠶᠡᠯ︾ ᠵᠡᠷᠭᠡ | ᠲᠦᠷᠢᠮ ᠢ ᠴᠢᠩᠭ᠎ᠠ ᠬᠡᠷᠡᠭᠵᠢᠭᠦᠯᠵᠦ᠂ ᠰᠠᠬᠢᠯᠭ᠎ᠠ ᠪᠠᠲᠤ ᠶᠣᠰᠣ ᠲᠦᠷᠢᠮ ᠢ ᠴᠢᠩᠳᠠᠯᠠᠵᠤ᠂ ᠺᠠᠳ᠋ᠷᠴᠤᠳ ᠢ ᠬᠦᠳᠦᠯᠦᠨ | ᠵᠢᠯᠣᠭᠤᠳᠴᠤ ᠪᠠᠶᠢᠭᠠᠳ ᠬᠢᠨᠠᠯᠲᠠ ᠲᠠᠯᠪᠢᠬᠤ ᠪᠠ ᠬᠢᠵᠠᠭᠠᠷᠯᠠᠬᠤ ᠳᠣᠣᠷ᠎ᠠ ᠠᠵᠢᠯᠯᠠᠵᠤ ᠠᠮᠢᠳᠤᠷᠠᠬᠤ ᠵᠠᠩ | ᠳᠠᠳᠬᠠᠯ ᠲᠠᠢ ᠪᠣᠯᠭᠠᠵᠤ᠂ ᠪᠠᠲᠤ ᠴᠢᠩᠭ᠎ᠠ ᠲᠠᠶᠢᠴᠢᠨ ᠪᠠᠬᠢᠯᠡᠯᠲᠡ ᠶᠢ ᠪᠠᠶᠢᠭᠤᠯᠬᠤ ᠬᠡᠷᠡᠭᠲᠡᠢ᠃ |