3 ᠰᠠᠷ᠎ᠠ ᠶᠢᠨ 24 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠳᠠᠷᠤᠭ᠎ᠠ ᠯᠢᠦ ᠬᠤ᠋ ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2025 ᠣᠨ ᠤ | ᠳᠥᠷᠪᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ | ᠫᠢᠩ ᠤᠨ ᠭᠦᠢᠵᠧᠦ᠂ ᠶᠦᠨᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ | ᠵᠡᠷᠭᠡ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ | ᠪᠠᠶᠢᠷᠢᠯᠠᠭᠤᠯᠪᠠ᠃ | ᠬᠤᠷᠠᠯ ᠠᠴᠠ ︽ᠵᠢᠷᠭᠤᠭᠠᠨ ᠠᠵᠢᠯᠯᠠᠭ᠎ᠠ︾ ᠶᠢ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠦᠯ ᠤᠨ ᠠᠵᠢᠯ ᠤᠨ | ᠡᠭᠦᠷᠭᠡ ᠶᠢᠨ ᠵᠠᠳᠠᠯᠤᠯᠲᠠ ᠶᠢ ᠰᠤᠳᠤᠯᠵᠤ᠂ ᠥᠪᠡᠷᠲᠡᠭᠡᠨ ᠵᠠᠰᠠᠬᠤ ᠣᠷᠣᠨ᠂ ᠦᠬᠠᠢ ᠬᠤᠳᠠ ᠶᠢᠨ ᠬᠡᠷᠡᠭᠵᠢᠭᠦᠯᠬᠦ | ᠲᠥᠰᠦᠯ ᠤᠨ ᠱᠠᠭᠠᠷᠳᠠᠯᠭ᠎ᠠ ᠶᠢ ᠬᠠᠷᠭᠤᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠦᠷ᠎ᠡ ᠳ᠋ᠦᠩ ᠢᠶᠠᠷ | ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ᠤᠳᠠ ᠶᠢᠨ ᠪᠣᠳᠠᠲᠠᠢ ᠲᠠᠢ ᠤᠶᠠᠯᠳᠤᠭᠤᠯᠤᠨ ᠠᠵᠢᠯ ᠤᠨ | ᠬᠤᠪᠢᠶᠠᠷᠢᠯᠠᠯ ᠢ ᠤᠯᠠᠮ ᠴᠢᠨᠠᠭᠰᠢᠳᠠ ᠲᠣᠳᠣᠷᠬᠠᠶᠢᠯᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠷᠭ᠎ᠠ | ᠬᠡᠮᠵᠢᠶ᠎ᠡ ᠶᠢ ᠨᠠᠷᠢᠯᠢᠬᠵᠢᠭᠤᠯᠵᠤ᠂ ᠤᠨᠢᠨ ᠳᠡᠭᠡᠷ᠎ᠡ ᠨᠢ ᠲᠤᠬᠢᠷᠠᠭᠤᠯᠵᠤ᠂ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ | ᠠᠰᠠᠭᠤᠳᠠᠯ ᠢ ᠦᠨᠡᠨᠬᠦ ᠰᠢᠢᠳᠪᠦᠷᠢᠯᠡᠵᠦ ᠳᠡᠶᠢᠯᠬᠦ ᠨᠡᠩ ᠤᠯᠠᠨ ᠰᠢᠨ᠎ᠡ ᠠᠷᠭ᠎ᠠ᠂ ᠪᠣᠳᠠᠲᠠᠢ ᠠᠷᠭ᠎ᠠ᠂ ᠬᠠᠲᠠᠭᠤ | ᠠᠷᠭ᠎ᠠ ᠶᠢ ᠭᠠᠷᠭᠠᠵᠤ᠂ ︽ᠲᠠᠪᠤᠨ ᠶᠡᠭᠡ ᠡᠭᠦᠷᠭᠡ︾︽ᠵᠢᠷᠭᠤᠭᠠᠨ ᠢᠨᠵᠧᠨᠧᠷᠢᠩ︾︽ᠠᠷᠪᠠᠨ ᠠᠵᠢᠯᠯᠠᠭ᠎ᠠ︾︽ᠠᠷᠪᠠᠨ | ᠭᠤᠣᠯᠳᠠᠯᠭ᠎ᠠ ᠲᠠᠢ ᠠᠵᠢᠯ︾ ᠵᠡᠷᠭᠡ ᠭᠤᠣᠯᠳᠠᠯᠭ᠎ᠠ ᠲᠠᠢ ᠡᠭᠦᠷᠭᠡ ᠶᠢ ᠤᠳᠠ ᠲᠤᠭᠤᠷᠢᠭ ᠲᠤ ᠨᠠᠶᠢᠳᠠᠪᠤᠷᠢᠵᠢᠭᠤᠯᠤᠨ | ᠦᠷ᠎ᠡ ᠪᠦᠲᠦᠮᠵᠢ ᠭᠠᠷᠭᠠᠵᠤ᠂ ᠨᠡᠩ ᠤᠯᠠᠨ ᠰᠢᠪᠲᠤᠯᠤᠯᠲᠠ ᠶᠢᠨ ᠴᠢᠨᠠᠷᠲᠠᠢ ᠠᠬᠢᠴᠠ ᠲᠠᠢ ᠪᠣᠯᠬᠤ ᠶᠢ ᠠᠬᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠳᠡᠭᠡᠳᠦ ᠱᠠᠲᠤᠨ ᠠᠴᠠ ᠪᠡᠯᠡ ᠮᠥᠩᠭᠦ ᠣᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ ᠡᠯ᠎ᠡ ᠰᠠᠯᠠᠭ᠎ᠠ ᠮᠥᠴᠢᠷ ᠤᠨ ᠬᠢᠨ ᠤᠨᠢᠨ ᠳᠡᠭᠡᠷ᠎ᠡ ᠨᠢ ᠬᠦᠴᠦᠯᠡᠵᠦ᠂ ᠬᠠᠮᠵᠢᠯᠴᠠᠨ ᠪᠠᠶᠢᠯᠳᠤᠵᠤ᠂ ᠳᠡᠭᠡᠳᠦ | ᠱᠠᠲᠤᠨ ᠠᠴᠠ ᠪᠡᠯᠡ ᠮᠥᠩᠭᠦ ᠣᠯᠬᠤ ᠪᠠᠷ ᠬᠠᠷᠢᠶ᠎ᠠ ᠣᠷᠣᠨ ᠤ ᠬᠥᠭᠵᠢᠯᠲᠡ ᠶᠢᠨ ᠪᠡᠯᠡ ᠮᠥᠩᠭᠦ ᠶᠢᠨ ᠪᠣᠭᠤᠮᠢ ᠶᠢ | ᠲᠠᠶᠢᠯᠬᠤ᠂ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠪᠣᠯᠭᠠᠵᠤ᠂ | ᠪᠡᠯᠡ ᠮᠥᠩᠭᠦ ᠲᠡᠮᠡᠴᠡᠨ ᠤᠯᠬᠤ ᠪᠣᠳᠠᠲᠤ ᠦᠷ᠎ᠡ ᠪᠦᠲᠦᠮᠵᠢ ᠪᠠᠷ ᠤᠳᠠ ᠶᠢᠨ ᠠᠵᠤ ᠠᠬᠤᠢ ᠨᠡᠶᠢᠭᠡᠮ ᠤᠨ ᠴᠢᠨᠠᠷ | ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ 2025 ᠣᠨ ᠤ ᠲᠤᠭ᠎ᠠ ᠪᠦᠷᠢᠳᠬᠡᠯ ᠤᠨ ᠠᠵᠢᠯ ᠤᠨ ᠲᠥᠯᠥᠪᠯᠡᠭᠡ᠂ 12345 | ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠠᠯᠠᠮᠰᠢᠯ ᠤᠲᠠᠰᠤ ᠶᠢᠨ ᠠᠵᠢᠯ ᠤᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠳᠤ ᠪᠣᠳᠠᠲᠠᠶ ᠱᠠᠭᠠᠷᠳᠠᠯᠭ᠎ᠠ ᠳᠤᠷᠠᠳᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |