2 ᠰᠠᠷ᠎ᠠ ᠶᠢᠨ 28 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ | ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ ᠤᠨ ᠨᠠᠮ ᠤᠨ ᠡᠭᠦᠷ ᠤᠨ 2024 ᠣᠨ ᠤ ᠵᠣᠬᠢᠶᠠᠨ | ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠲᠤᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ ᠤᠨ ᠨᠠᠮ ᠤᠨ ᠡᠭᠦᠷ ᠤᠨ | ᠬᠠᠷᠢᠭᠤᠴᠠᠯᠭᠠᠲᠠᠨ ᠨᠠᠮ ᠤᠨ ᠡᠭᠦᠷ ᠤᠨ ᠭᠡᠰᠢᠭᠦᠳ ᠤᠨ ᠬᠤᠷᠠᠯ ᠢ ᠲᠥᠯᠥᠭᠡᠯᠡᠨ ᠬᠠᠷᠢᠴᠠᠭᠤᠯᠤᠨ ᠪᠠᠶᠢᠴᠠᠭᠠᠵᠤ᠂ | ᠨᠠᠮ ᠤᠨ ᠡᠭᠦᠷ ᠤᠨ ᠭᠡᠰᠢᠭᠦᠨ ᠪᠣᠯᠤᠨ ᠨᠠᠮ ᠤᠨ ᠭᠡᠰᠢᠭᠦᠨ ᠤ ᠲᠥᠯᠥᠭᠡᠯᠡᠭᠴᠢ ᠰᠢᠭᠦᠮᠵᠢᠯᠡᠯ ᠪᠠ ᠥᠪᠡᠷ ᠤᠨ | ᠰᠢᠭᠦᠮᠵᠢᠯᠡᠯ ᠥᠷᠨᠢᠭᠦᠯᠪᠡ᠃ | ᠶᠠᠨ ᠸᠧᠨ ᠯᠦᠩ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ ᠤᠨ ᠥᠩᠭᠡᠷᠡᠭᠰᠡᠨ ᠨᠢᠭᠡ ᠵᠢᠯ ᠤᠨ | ᠠᠵᠢᠯ ᠢ ᠭᠦᠢᠴᠡᠳ ᠨᠤᠲᠠᠯᠠᠪᠠ᠃ ᠲᠡᠷᠡ ᠬᠡᠯᠡᠬᠦ ᠳᠡᠭᠡᠨ᠂ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ ︽ᠲᠥᠪ | ᠮᠡᠳᠡᠷᠡᠯ︾ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠴᠠᠭ ᠦᠶ᠎ᠡ ᠲᠠᠢ ᠵᠡᠷᠭᠡᠪᠡᠷ ᠤᠷᠤᠭᠰᠢᠯᠠᠨ | ᠰᠤᠷᠤᠯᠴᠠᠬᠤ ᠶᠢ ᠪᠠᠷᠢᠮᠲᠠᠯᠠᠵᠤ᠂ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠵᠦ᠂ ᠶᠡᠷᠦᠩᠬᠡᠶᠢᠯᠡᠨ ᠵᠣᠬᠢᠴᠠᠭᠤᠯᠬᠤ᠂ ᠰᠠᠨᠠᠯ | ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ᠂ ᠪᠠᠶᠢᠴᠠᠭᠠᠨ ᠰᠤᠳᠤᠯᠤᠯᠲᠠ ᠬᠢᠬᠦ ᠵᠡᠷᠭᠡ ᠡᠯ᠎ᠡ ᠵᠦᠢᠯ ᠤᠨ | ᠠᠵᠢᠯ ᠢ ᠰᠠᠶᠢᠲᠤᠷ ᠨᠠᠶᠢᠳᠠᠪᠤᠷᠢᠵᠢᠭᠤᠯᠵᠤ᠂ ᠳᠡᠭᠡᠳᠦ ᠲᠤᠤᠷᠠᠳᠤ ᠱᠠᠳᠤ ᠶᠢᠨ᠂ ᠴᠢᠨᠠᠷ ᠰᠠᠶᠢᠲᠠᠢ ᠥᠨᠳᠥᠷ ᠪᠦᠲᠦᠮᠵᠢᠲᠡᠢ | ᠠᠵᠢᠯᠯᠠᠬᠤ ᠶᠢ ᠠᠬᠢᠭᠤᠯᠬᠤ ᠬᠡᠷᠡᠭᠲᠡᠢ᠃ ︽ᠴᠡᠷᠢᠭ ᠤᠨ ᠪᠠᠶᠢᠷᠢ ᠳᠤ ᠪᠠᠶᠢᠬᠤ᠂ ᠴᠡᠭᠡᠵᠢᠨ ᠳᠡᠭᠡᠨ ᠮᠠᠩᠯᠠᠶᠢᠯᠠᠬᠤ︾ ᠶᠢ | ᠪᠠᠷᠢᠮᠲᠠᠯᠠᠵᠤ᠂ ᠤᠳᠠ ᠶᠢᠨ ᠠᠵᠢᠯ ᠢ ᠥᠪᠡᠷᠲᠡᠭᠡᠨ ᠵᠠᠰᠠᠬᠤ ᠣᠷᠣᠨ᠂ ᠦᠬᠠᠢ ᠬᠤᠳᠠ ᠶᠢᠨ ᠬᠥᠭᠵᠢᠯᠲᠡ ᠶᠢᠨ ᠶᠡᠭᠡ | ᠲᠠᠯ᠎ᠠ ᠳᠠᠬᠢ ᠭᠠᠷᠳᠠᠬᠤ ᠴᠡᠭ᠂ ᠤᠶᠠᠯᠳᠤᠯ ᠤᠨ ᠴᠡᠭ ᠢ ᠣᠨᠣᠪᠴᠢᠲᠠᠢ ᠣᠯᠵᠤ᠂ ᠦᠨ᠎ᠡ ᠦᠷᠳᠡᠭ ᠲᠠᠢ᠂ ᠪᠦᠲᠦᠭᠡᠯᠴᠢ | ᠴᠢᠨᠠᠷᠲᠠᠢ ᠠᠷᠭᠠᠴᠠᠬᠤ ᠰᠠᠨᠠᠭᠤᠯᠭ᠎ᠠ ᠳᠤᠷᠠᠳᠴᠤ᠂ ᠲᠣᠭᠤᠷᠢᠭ ᠤᠨ ᠨᠠᠮ ᠤᠨ ᠬᠤᠷᠢᠶᠠᠨ ᠤ ᠰᠢᠨᠵᠢᠯᠡᠬᠦ ᠤᠬᠠᠭᠠᠨᠴᠢ ᠪᠠᠷ | ᠰᠢᠢᠳᠪᠦᠷᠢᠲᠦ ᠪᠤᠳᠤᠯᠭ᠎ᠠ ᠲᠣᠭᠲᠠᠭᠠᠬᠤ ᠱᠲ᠋ᠠᠪ ᠤᠨ ᠳᠠᠷᠤᠭ᠎ᠠ ᠪᠣᠯᠬᠤ ᠬᠡᠷᠡᠭᠲᠡᠢ᠃ ᠦᠨᠡᠨ ᠰᠡᠳᠬᠢᠯ ᠠᠴᠠ ᠪᠠᠨ | ᠬᠤᠪᠢ ᠨᠡᠮᠡᠷᠢ ᠦᠵᠡᠭᠦᠯᠵᠦ᠂ ᠵᠣᠪᠠᠭᠤᠷᠢ ᠪᠠ ᠵᠢᠷᠭᠠᠯ᠂ ᠨᠡᠷ᠎ᠡ ᠪᠠ ᠠᠰᠢᠭ ᠤᠯᠬᠤ᠂ ᠠᠵᠢᠯ ᠪᠠ ᠠᠮᠢᠳᠤᠷᠠᠯ ᠵᠡᠷᠭᠡ ᠡᠯ᠎ᠡ | ᠵᠦᠢᠯ ᠤᠨ ᠬᠠᠷᠢᠴᠠᠭ᠎ᠠ ᠶᠢ ᠵᠣᠬᠢᠰᠲᠠᠢ ᠰᠢᠢᠳᠪᠦᠷᠢᠯᠡᠵᠦ᠂ ᠢᠮᠠᠭᠲᠠ ᠴᠤᠭ ᠪᠠᠳᠠᠷᠠᠩᠭᠤᠢ ᠪᠠᠷ ᠥᠭᠡᠳᠡᠯᠡᠨ ᠲᠠᠪᠰᠢᠬᠤ᠂ | ᠡᠷᠡᠯᠬᠡᠭᠯᠡᠨ ᠤᠷᠤᠭᠰᠢᠯᠠᠬᠤ ᠤᠶᠤᠨ ᠰᠠᠨᠠᠭᠠᠨ ᠤ ᠳᠦᠷᠰᠦ ᠪᠠᠶᠢᠳᠠᠯ ᠢᠶᠠᠨ ᠪᠠᠲᠤᠯᠠᠵᠤ᠂ ᠳᠤᠷᠠᠲᠠᠶ᠎ᠠ ᠨᠣᠭᠤᠭᠠᠨ | ᠨᠠᠪᠴᠢ ᠶᠢᠨ ᠳᠣᠲᠣᠷ᠎ᠠ ᠤᠯᠠᠭᠠᠨ ᠴᠡᠴᠡᠭ ᠨᠡᠮᠡᠷᠢᠯᠡᠨ᠎ᠡ᠃ ︽ᠳᠠᠭᠠᠭᠤᠯᠤᠭᠴᠢ︾ ᠶᠢᠨ ᠦᠢᠯᠡᠳᠦᠯ ᠢ ᠭᠦᠢᠴᠡᠳ | ᠪᠠᠳᠠᠷᠠᠭᠤᠯᠵᠤ᠂ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠶᠢ ᠪᠢᠴᠢᠭ ᠮᠠᠲ᠋ᠧᠷᠢᠶᠠᠯ ᠭᠦᠢᠴᠡᠳᠭᠡᠬᠦ᠂ ᠬᠤᠷᠠᠯ | ᠡᠷᠭᠢᠯᠡᠬᠦ᠂ ᠠᠵᠢᠯ ᠶᠠᠪᠤᠳᠠᠯ ᠭᠦᠢᠴᠡᠳᠭᠡᠬᠦ ᠪᠥᠬᠦ ᠶᠠᠪᠤᠴᠠ᠂ ᠡᠯ᠎ᠡ ᠲᠠᠯ᠎ᠠ ᠳᠤ ᠲᠤᠭᠤᠰᠢᠯᠠᠭᠤᠯᠬᠤ ᠶᠢ ᠪᠠᠷᠢᠮᠲᠠᠯᠠᠵᠤ᠂ | ︽ᠭᠤᠷᠪᠠ ᠳᠤ ᠦᠢᠯᠡᠴᠢᠯᠡᠬᠦ︾ ᠠᠵᠢᠯ ᠤᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠡᠪ | ᠳᠠᠭᠤᠷᠢᠶᠠᠯ ᠦᠵᠡᠭᠦᠯᠬᠦ ᠳᠠᠭᠠᠭᠤᠯᠤᠭᠴᠢ ᠪᠣᠯᠬᠤ ᠬᠡᠷᠡᠭᠲᠡᠶ ᠭᠡᠵᠠᠢ᠃ | |