4 ᠰᠠᠷ᠎ᠠ ᠶᠢᠨ 10 ᠤ ᠡᠳᠦᠷ᠂ ᠤᠳᠠ ᠲᠣᠭᠤᠷᠢᠭ ᠤᠨ ᠤᠳᠤᠷᠢᠳᠬᠤ ᠺᠠᠳ᠋ᠷ ᠤᠨ ᠰᠡᠷᠡᠮᠵᠢᠯᠡᠭᠦᠯᠬᠦ | ᠬᠥᠮᠦᠵᠢᠯ ᠤᠨ ᠬᠤᠷᠠᠯ ᠬᠤᠷᠠᠯᠳᠤᠵᠤ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ | ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠤᠯᠠᠮᠵᠢᠯᠠᠨ ᠰᠤᠷᠤᠯᠴᠠᠵᠤ᠂ ᠲᠤᠭᠤᠷᠢᠭ ᠤᠨ | ᠨᠠᠮ ᠤᠨ ᠬᠤᠷᠢᠶᠠᠨ ᠤ ᠱᠦᠵᠢ ᠶᠠᠨ ᠸᠧᠨ ᠯᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠣᠭᠤᠷᠢᠭ ᠤᠨ | ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠯᠢᠦ ᠬᠤ᠋᠂ ᠲᠣᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠬᠤᠤ ᠯᠢ ᠫᠢᠩ᠂ ᠲᠣᠭᠤᠷᠢᠭ ᠤᠨ | ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠭᠤᠤ ᠲᠢᠶᠧ ᠨᠠᠨ ᠵᠡᠷᠭᠡ ᠲᠦᠷᠪᠡᠨ ᠶᠡᠭᠡ ᠪᠠᠭ ᠤᠨ | ᠤᠳᠤᠷᠢᠳᠬᠤ ᠪᠦᠷᠢᠯᠳᠦᠬᠦᠨ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ︽ᠬᠤᠶᠠᠷ ᠳᠠᠷᠤᠭ᠎ᠠ︾ ᠪᠣᠯᠤᠨ ᠤᠳᠠ | ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠤᠳᠤᠷᠢᠳᠬᠤ ᠪᠠᠭ ᠤᠨ | ᠪᠦᠷᠢᠯᠳᠦᠬᠦᠨ ᠣᠷᠣᠯᠴᠠᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢ ᠴᠦᠨ ᠶᠠᠨ ᠬᠤᠷᠠᠯ ᠢ | ᠡᠷᠭᠢᠯᠡᠭᠰᠡᠨ ᠪᠥᠭᠡᠳ ᠲᠤᠰᠬᠠᠶ ᠰᠡᠳᠦᠪᠲᠦ ᠮᠡᠳᠡᠭᠦᠯᠦᠯᠲᠡ ᠬᠢᠪᠡ᠃ | | ᠬᠤᠷᠠᠯ ᠠᠴᠠ ᠲᠤᠬᠠᠢ ᠶᠢᠨ ᠲᠠᠯᠠᠪᠠᠢ ᠳᠤ ᠬᠡᠭᠡᠯᠢ ᠢᠳᠡᠭᠰᠡᠨ ᠶᠠᠯ᠎ᠠ ᠬᠢᠭᠰᠡᠨ ᠰᠡᠵᠢᠭᠯᠡᠯᠲᠡᠶ ᠬᠡᠷᠡᠭ ᠤᠨ | ᠲᠢᠩᠬᠢᠮ ᠤᠨ ᠰᠢᠭᠦᠯᠲᠡ ᠶᠢ ᠰᠤᠯᠠ ᠰᠣᠨᠣᠰᠴᠤ᠂ ᠬᠠᠤᠯᠢ ᠪᠠᠷ ᠵᠠᠰᠠᠬᠤ ᠬᠥᠮᠦᠵᠢᠯ ᠤᠨ ᠬᠢᠴᠢᠶᠡᠯ ᠣᠷᠣᠬᠤ ᠶᠢ | ᠥᠷᠨᠢᠭᠦᠯᠵᠦ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ | ᠮᠡᠳᠡᠭᠳᠡᠪᠡ᠃ | ᠶᠠᠨ ᠸᠧᠨ ᠯᠦᠩ ᠬᠡᠯᠡᠬᠦ ᠳᠡᠭᠡᠨ᠂ ᠪᠥᠬᠦ ᠨᠠᠮ ᠢᠶᠠᠷ ᠢᠶᠠᠨ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠵᠦ ᠪᠠᠶᠢᠭ᠎ᠠ ᠲᠠᠰᠢᠷᠠᠮ ᠳᠤ᠂ | ︽ᠲᠤᠬᠠᠶ ᠶᠢᠨ ᠲᠠᠯᠠᠪᠤᠷ ᠲᠤ ᠲᠢᠩᠬᠢᠮ ᠤᠨ ᠰᠢᠭᠦᠯᠲᠡ ᠶᠢ ᠰᠤᠯᠠ ᠰᠣᠨᠣᠰᠴᠤ ᠰᠠᠬᠢᠯᠭ᠎ᠠ ᠪᠠᠲᠤ ᠬᠠᠤᠯᠢ ᠴᠠᠭᠠᠵᠠ ᠶᠢ | ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢᠨ ᠬᠠᠤᠯᠢ ᠪᠠᠷ ᠵᠠᠰᠠᠬᠤ ᠬᠥᠮᠦᠵᠢᠯ ᠢ ᠵᠠᠷᠯᠠᠨ ᠮᠡᠳᠡᠭᠳᠡᠬᠦ︾ | ᠬᠡᠯᠪᠡᠷᠢ ᠪᠠᠷ ᠳᠠᠮᠵᠢᠭᠤᠯᠤᠨ᠂ ᠬᠡᠷᠡᠭ ᠢᠶᠠᠷ ᠲᠣᠯᠢ ᠪᠣᠯᠭᠠᠵᠤ᠂ ᠬᠡᠷᠡᠭ ᠢᠶᠠᠷ ᠰᠡᠷᠡᠮᠵᠢ ᠥᠭᠴᠦ᠂ ᠨᠠᠮ ᠤᠨ ᠭᠡᠰᠢᠭᠦᠨ | ᠺᠠᠳ᠋ᠷᠴᠤᠳ ᠢ ᠬᠥᠲᠥᠯᠦᠨ ᠵᠢᠯᠣᠭᠤᠳᠴᠤ ᠪᠠᠶᠢᠭᠠᠳ ᠰᠤᠷᠭᠠᠮᠵᠢ ᠠᠪᠴᠤ᠂ ᠴᠡᠭᠡᠷᠯᠡᠯ ᠪᠣᠯᠭᠠᠵᠤ᠂ ᠲᠦᠷᠢᠮ | ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠶᠢ ᠦᠨᠡᠨ ᠬᠦ ᠰᠡᠳᠬᠢᠯ ᠳᠡᠭᠡᠨ ᠰᠢᠩᠭᠡᠭᠡᠵᠦ᠂ ᠦᠢᠯᠡ | ᠠᠵᠢᠯᠯᠠᠭ᠎ᠠ ᠳᠠᠭᠠᠨ ᠢᠯᠡᠷᠡᠭᠦᠯᠬᠦ ᠬᠡᠷᠡᠭᠲᠡᠶ᠃ ᠪᠦᠬᠦ ᠣᠷᠣᠨ ᠤ ᠥᠷᠭᠡᠨ ᠤᠯᠠᠨ ᠨᠠᠮ ᠤᠨ ᠭᠡᠰᠢᠭᠦᠨ ᠤᠳᠤᠷᠢᠳᠬᠤ | ᠺᠠᠳ᠋ᠷ ᠤᠯᠤᠰ ᠲᠦᠷᠦ ᠶᠢᠨ ᠵᠣᠭᠰᠣᠯᠲᠠ ᠪᠠᠨ ᠪᠠᠲᠤᠳᠬᠠᠵᠤ᠂ ᠶᠠᠮᠠᠷᠪᠠ ᠦᠶ᠎ᠡ ᠳᠤ ᠭᠡᠳ ᠤᠯᠤᠰ ᠲᠦᠷᠦ ᠶᠢᠨ | ᠲᠠᠯ᠎ᠠ ᠪᠠᠷ ᠦᠨᠡᠨᠴᠢ ᠰᠢᠳᠤᠷᠭᠤ ᠪᠠᠶᠢᠬᠤ ᠶᠢ ᠪᠠᠲᠤᠳᠬᠠᠵᠤ᠂ ᠨᠠᠮ ᠤᠨ ᠰᠠᠬᠢᠯᠭ᠎ᠠ ᠨᠠᠮ ᠤᠨ ᠲᠣᠭᠲᠠᠭᠠᠯ ᠢ | ᠬᠦᠨᠳᠦᠳᠬᠡᠵᠦ᠂ ︽ᠭᠤᠷᠪᠠᠨ ᠪᠣᠭᠤᠮᠲᠠ︾ ᠶᠢ ᠡᠷᠡᠰ ᠰᠠᠬᠢᠵᠤ᠂ ︽ᠰᠤᠷᠤᠯᠴᠠᠨ ᠪᠠᠶᠢᠴᠠᠭᠠᠵᠤ ᠥᠭᠡᠷᠡᠴᠢᠯᠡᠬᠦ︾ ᠳᠤᠮᠳᠠ | ᠰᠤᠷᠲᠠᠯ ᠤᠨ ᠪᠠᠶᠢᠭᠤᠯᠤᠯᠲᠠ ᠶᠢᠨ ︽ᠤᠳᠠᠭᠠᠨ ᠳᠠᠭᠠᠭᠠᠮᠠᠭᠠᠢ ᠳᠠᠶᠢᠯᠠᠯᠳᠤᠭᠠᠨ︾ ᠢ ᠰᠠᠶᠢᠲᠤᠷ ᠬᠢᠬᠦ ᠬᠡᠷᠡᠭᠲᠡᠢ᠃ | ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠤᠢ ᠪᠣᠯᠭᠠᠵᠤ᠂ ᠬᠡᠷᠡᠭ ᠢᠶᠠᠷ ᠰᠤᠷᠤᠯᠴᠠᠯᠭ᠎ᠠ ᠶᠢ ᠠᠬᠢᠭᠤᠯᠵᠤ᠂ | ᠬᠡᠷᠡᠭ ᠢᠶᠠᠷ ᠰᠠᠬᠢᠯᠭ᠎ᠠ ᠪᠠᠲᠤ ᠶᠢ ᠲᠣᠳᠣᠷᠬᠠᠶᠢᠯᠠᠵᠤ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠵᠤ᠂ ᠰᠡᠷᠡᠮᠵᠢᠯᠡᠭᠦᠯᠬᠦ | ᠬᠥᠮᠦᠵᠢᠯ ᠢ ᠬᠠᠮᠤᠭ ᠤᠨ ᠰᠠᠶᠢᠨ ︽ᠰᠡᠷᠡᠬᠦ ᠡᠮ︾ ᠪᠣᠯᠭᠠᠬᠤ ᠬᠡᠷᠡᠭᠲᠡᠢ᠃ ᠡᠭᠦᠷᠭᠡ ᠬᠠᠷᠢᠭᠤᠴᠠᠯᠭ᠎ᠠ ᠪᠠᠨ ᠨᠠᠷᠢᠨ | ᠬᠢᠨᠠᠮᠠᠭᠠᠢ ᠭᠦᠢᠴᠡᠳᠬᠡᠵᠦ᠂ ᠬᠠᠷᠠᠯᠲᠠ ᠲᠠᠢ ᠪᠠᠷ ᠬᠠᠷᠢᠭᠤᠴᠠᠯᠭ᠎ᠠ ᠶᠢᠨ ᠬᠡᠯᠬᠢᠶ᠎ᠡ ᠪᠠᠨ ᠴᠢᠩᠭᠠᠯᠠᠵᠤ᠂ ᠦᠩᠭᠡᠨ ᠲᠠᠯ᠎ᠠ | ᠪᠠ ᠦᠨᠳᠦᠰᠦ ᠠᠴᠠ ᠨᠢ ᠵᠠᠰᠠᠵᠤ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠵᠦ᠂ ᠲᠦᠷᠦᠭᠦᠯᠡᠨ ᠬᠡᠪ | ᠰᠤᠷᠲᠠᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ | ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠩ ᠤᠬᠠᠮᠰᠠᠷ ᠠᠴᠠ ᠪᠠᠨ ᠬᠠᠷᠢᠭᠤᠴᠠᠯᠭ᠎ᠠ ᠪᠠᠨ | ᠰᠡᠳᠬᠢᠯ ᠠᠴᠠ ᠪᠠᠨ ᠮᠡᠳᠡᠵᠦ᠂ ᠥᠪᠡᠷ ᠤᠨ ᠪᠡᠶ᠎ᠡ ᠳᠡᠭᠡᠨ ᠡᠭᠦᠷᠭᠡᠯᠡᠵᠦ᠂ ᠬᠠᠷᠢᠭᠤᠴᠠᠯᠭ᠎ᠠ ᠪᠠᠨ ᠭᠦᠢᠴᠡᠳᠬᠡᠵᠦ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠳᠠ ᠶᠢᠨ ᠰᠢᠨ᠎ᠡ ᠬᠠᠭᠤᠳᠠᠰᠤ ᠶᠢ ᠴᠢᠷᠮᠠᠶᠢᠨ | ᠪᠢᠴᠢᠭᠯᠡᠬᠦ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠬᠡᠵᠡᠢ᠃ |