4 ᠰᠠᠷ᠎ᠠ ᠶᠢᠨ 15 ᠤ ᠡᠳᠦᠷ ᠪᠣᠯ ᠠᠷᠪᠠᠳᠤᠭᠠᠷ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ | ᠬᠥᠮᠦᠵᠢᠯ ᠤᠨ ᠡᠳᠦᠷ ᠪᠣᠯᠤᠨ᠎ᠠ᠂ ᠤᠳᠠ ᠲᠣᠭᠤᠷᠢᠭ ︽ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ | ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠤᠭᠰᠠᠨ ᠠᠷᠪᠠᠨ ᠵᠢᠯ ᠤᠨ ᠣᠶ︾ ᠪᠠᠷ ᠭᠤᠤᠯ ᠰᠡᠳᠦᠪ ᠪᠣᠯᠭᠠᠭᠰᠠᠨ | ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠡᠳᠦᠷ ᠤᠨ ᠠᠵᠢᠯᠯᠠᠭ᠎ᠠ | ᠥᠷᠨᠢᠭᠦᠯᠵᠦ᠂ ᠥᠷᠭᠡᠨ ᠣᠯᠠᠨ ᠺᠠᠳ᠋ᠷ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠤᠯᠤᠰ ᠤᠨ ᠠᠮᠤᠷ | ᠲᠦᠪᠰᠢᠨ ᠤ ᠤᠬᠠᠮᠰᠠᠷ ᠢ ᠨᠢ ᠴᠢᠩᠭᠠᠳᠬᠠᠵᠤ᠂ ᠤᠯᠤᠰ ᠤᠨ ᠠᠮᠤᠷ ᠲᠦᠪᠰᠢᠨ ᠢ ᠤᠬᠠᠮᠰᠠᠷ ᠠᠴᠠ ᠪᠠᠨ ᠬᠠᠮᠠᠭᠠᠯᠠᠪᠠ᠃ | | | | | | ᠠᠵᠢᠯᠯᠠᠭ᠎ᠠ ᠶᠢᠨ ᠳᠤᠮᠳᠠ᠂ ᠡᠯᠭᠦᠭᠡ ᠪᠢᠴᠢᠭᠡᠰᠦ ᠡᠯᠭᠦᠬᠦ᠂ ᠲᠤᠬᠠᠶ ᠶᠢᠨ ᠲᠠᠯᠠᠪᠤᠷ ᠲᠤ ᠲᠠᠶᠢᠯᠪᠤᠷᠢᠯᠠᠬᠤ᠂ | ᠤᠬᠠᠭᠤᠯᠭ᠎ᠠ ᠶᠢᠨ ᠳᠡᠪᠲᠡᠷ ᠲᠠᠷᠬᠠᠭᠠᠬᠤ ᠵᠢᠴᠢ ᠤᠯᠤᠰ ᠤᠨ ᠠᠮᠤᠷ ᠲᠦᠪᠰᠢᠨ ᠤ ᠤᠷᠢᠶ᠎ᠠ ᠯᠣᠽᠦ᠋ᠩ ᠵᠢᠵᠢᠭ | ᠪᠡᠯᠡᠭ ᠢ ᠳᠠᠷᠤᠮᠠᠯᠯᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠳᠤ ︽ᠢᠷᠭᠡᠨ ᠤ ᠬᠠᠤᠯᠢ ᠶᠢᠨ ᠪᠢᠴᠢᠭ︾ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠣᠬᠢᠶᠠᠨ ᠪᠠᠶᠢᠭᠤᠯᠤᠯᠲᠠ ᠲᠠᠢ ᠶᠠᠯᠠᠲᠤ ᠠᠵᠢᠯᠯᠠᠭ᠎ᠠ ᠶᠢ | ᠡᠰᠡᠷᠭᠦᠴᠡᠬᠦ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠵᠤ᠂ ᠣᠯᠠᠨ ᠲᠦᠮᠡᠨ ᠤ ᠡᠳᠦᠷ | ᠲᠤᠲᠤᠮ ᠤᠨ ᠠᠮᠢᠳᠤᠷᠠᠯ ᠳᠤᠮᠳᠠ ᠤᠯᠤᠰ ᠤᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠵᠤ ᠮᠡᠳᠡᠬᠦ | ᠦᠢᠯᠡ ᠠᠵᠢᠯᠯᠠᠭ᠎ᠠ ᠶᠢ ᠬᠡᠷᠬᠢᠨ ᠢᠯᠭᠠᠨ ᠲᠠᠨᠢᠬᠤ ᠪᠠ ᠰᠡᠷᠭᠡᠶᠢᠯᠡᠬᠦ ᠶᠢ ᠰᠠᠨᠠᠭᠤᠯᠪᠠ᠃ | | ︽ᠠᠷᠠᠳ ᠨᠡᠶᠢᠲᠡ ᠶᠢᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠪᠣᠯ ᠵᠢᠯ ᠪᠦᠷᠢ ᠶᠢᠨ ᠠᠯᠢ | ᠨᠢᠭᠡ ᠡᠳᠦᠷ ᠪᠤᠢ︖ ︽ᠤᠯᠤᠰ ᠤᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ ᠦᠢᠯᠡ | ᠠᠵᠢᠯᠯᠠᠭ᠎ᠠ ᠨᠢ ᠶᠠᠭᠤ ᠶᠠᠭᠤ ᠪᠠᠶᠢᠬᠤ ᠪᠤᠢ︖ ᠮᠡᠳᠡᠯᠭᠡ ᠶᠢ ᠵᠠᠪᠳᠤᠨ ᠬᠠᠷᠢᠭᠤᠯᠬᠤ ᠭᠤᠭᠴᠤᠭ᠎ᠠ ᠨᠢ ᠠᠵᠢᠯᠯᠠᠭ᠎ᠠ ᠶᠢ | ᠣᠷᠭᠢᠯ ᠳᠤ ᠬᠦᠷᠭᠡᠵᠦ᠂ ᠲᠤᠬᠠᠶ ᠶᠢᠨ ᠲᠠᠯᠠᠪᠠᠶ ᠶᠢᠨ ᠣᠯᠠᠨ ᠲᠦᠮᠡᠨ ᠤ ᠰᠡᠳᠦᠪ ᠬᠠᠷᠢᠭᠤᠯᠬᠤ ᠪᠠᠷ ᠴᠢᠷᠮᠠᠶᠢᠵᠤ᠂ ᠪᠠᠶᠠᠷ | ᠪᠠᠶᠠᠰᠬᠤᠯᠠᠩᠲᠠᠶ ᠠᠭᠤᠷ ᠠᠮᠢᠰᠬᠤᠯ ᠤᠨ ᠳᠤᠮᠳᠠ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢᠨ | ᠲᠤᠬᠠᠶ ᠲᠠᠨᠢᠯᠲᠠ ᠪᠠ ᠣᠶᠢᠯᠠᠭᠠᠯᠲᠠ ᠪᠠᠨ ᠭᠦᠨᠵᠡᠭᠡᠶᠢᠷᠡᠭᠦᠯᠪᠡ᠃ | | | | | | ᠵᠠᠯᠭᠠᠭᠠᠳ᠂ ᠤᠳᠠ ᠲᠣᠭᠤᠷᠢᠭ ᠦᠷᠭᠦᠯᠵᠢᠯᠡᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ ᠬᠡᠯᠪᠡᠷᠢ ᠶᠢᠨ ᠰᠢᠨ᠎ᠡ ᠶᠢ ᠡᠭᠦᠳᠴᠦ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ ᠠᠭᠤᠯᠭ᠎ᠠ ᠶᠢ ᠪᠠᠶᠠᠯᠢᠭᠵᠢᠭᠤᠯᠤᠨ᠂ ᠣᠯᠠᠨ ᠶᠠᠩᠵᠤ ᠬᠡᠯᠪᠡᠷᠢ ᠶᠢᠨ ᠤᠬᠠᠭᠤᠯᠭ᠎ᠠ ᠬᠥᠮᠦᠵᠢᠯ ᠤᠨ | ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠵᠦ᠂ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢ | ᠬᠥᠮᠦᠰ ᠤᠨ ᠰᠡᠳᠬᠢᠯ ᠳᠤ ᠨᠠᠩ ᠭᠦᠨ ᠬᠠᠳᠠᠩᠰᠢᠭᠤᠯᠬᠤ ᠶᠢ ᠳᠥᠯᠭᠢᠨ ᠠᠬᠢᠭᠤᠯᠵᠤ᠂ ︽ᠤᠯᠤᠰ ᠤᠨ ᠠᠮᠤᠷ | ᠲᠦᠪᠰᠢᠨ᠂ ᠬᠥᠮᠦᠨ ᠪᠦᠬᠦᠨ ᠬᠠᠷᠢᠭᠤᠴᠠᠯᠭ᠎ᠠ ᠲᠠᠢ︾ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠵᠤ᠂ ᠭᠠᠵᠠᠷ ᠣᠷᠣᠨ ᠤ | ᠬᠥᠭᠵᠢᠯᠲᠡ ᠳᠤ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠨᠥᠬᠦᠴᠡᠯ ᠢ ᠪᠣᠶ ᠪᠣᠯᠭᠠᠵᠤ ᠥᠭᠭᠦᠨ᠎ᠡ᠃ | |