ᠶᠠᠨ ᠸᠧᠨ ᠯᠦᠩ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠠᠬᠢᠭᠤᠯᠤᠭᠰᠠᠨ ᠪᠠᠶᠢᠳᠠᠯ ᠢ ᠬᠢᠨᠠᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2025/4/17
      4 ᠰᠠᠷ᠎ᠠ ᠶᠢᠨ 15 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠠᠬᠢᠭᠤᠯᠤᠭᠰᠠᠨ ᠪᠠᠶᠢᠳᠠᠯ ᠢ ᠬᠢᠨᠠᠨ ᠵᠢᠯᠣᠭᠤᠳᠴᠤ ᠪᠠᠶᠢᠴᠠᠭᠠᠪᠠ᠃ ᠲᠣᠭᠤᠷᠢᠭ ᠤᠨ ᠤᠳᠤᠷᠢᠳᠤᠯᠭ᠎ᠠ ᠯᠢ ᠴᠦᠨ ᠶᠠᠨ᠂ ᠯᠢᠦ ᠨᠠᠷᠠᠨ ᠣᠷᠣᠯᠴᠠᠵᠠᠢ᠃      ᠶᠠᠨ ᠸᠧᠨ ᠯᠦᠩ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ ᠳᠤ ᠬᠦᠷᠴᠦ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ᠂ ᠭᠤᠤᠯᠳᠠᠯᠭ᠎ᠠ ᠲᠠᠢ ᠠᠰᠠᠭᠤᠳᠠᠯ ᠢ ᠴᠡᠭᠴᠡᠯᠡᠨ ᠵᠠᠰᠠᠬᠤ ᠶᠢ ᠠᠬᠢᠭᠤᠯᠬᠤ ᠲᠤᠬᠠᠶ ᠪᠣᠳᠠᠲᠠᠶ ᠱᠠᠭᠠᠷᠳᠠᠯᠭ᠎ᠠ ᠳᠤᠷᠠᠳᠪᠠ᠃ ᠲᠡᠷᠡ ᠬᠡᠯᠡᠭᠰᠡᠨ ᠨᠢ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠣᠯᠤᠨ ᠦᠵᠡᠯ ᠰᠠᠨᠠᠭᠠᠨ ᠤ ᠲᠠᠨᠢᠯᠲᠠ ᠪᠠᠨ ᠴᠢᠨᠠᠭᠰᠢᠳᠠ ᠳᠡᠭᠡᠭᠰᠢᠯᠡᠭᠦᠯᠵᠦ᠂ ᠬᠠᠷᠢᠭᠤᠴᠠᠯᠭᠠᠲᠤ ᠰᠡᠳᠬᠢᠯᠭᠡ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ᠲᠦᠷᠪᠡ ᠶᠢ ᠲᠡᠭᠰᠢᠯᠡᠵᠦ ᠨᠠᠢᠮᠠ ᠶᠢ ᠲᠣᠭᠲᠠᠭᠤᠨ ᠪᠠᠶᠢᠯᠭᠠᠬᠤ ︽ᠳᠡᠯᠭᠡᠴᠡ ᠶᠢ ᠰᠠᠬᠢᠬᠤ︾ ᠦᠵᠡᠯ ᠰᠠᠨᠠᠭ᠎ᠠ ᠶᠢ ᠡᠷᠡᠰ ᠲᠠᠶᠠᠭᠳᠠᠵᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠭᠤᠣᠯ ᠳᠠᠶᠢᠨ ᠤ ᠲᠠᠯᠠᠪᠤᠷ ᠪᠣᠯᠤᠨ ᠨᠢᠭᠡᠳᠦᠭᠡᠷ ᠹᠷᠣᠨᠲ ᠲᠤ ᠭᠠᠪᠰᠢᠭᠠᠶᠢᠯᠠᠵᠤ᠂ ᠥᠨᠳᠥᠷ ᠪᠦᠲᠦᠮᠵᠢᠲᠡᠢ ᠬᠠᠮᠵᠢᠯᠴᠠᠬᠤ ᠶᠢ ᠠᠬᠢᠭᠤᠯᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠴᠢᠩᠭ᠎ᠠ ᠠᠳᠬᠤᠵᠤ ᠪᠣᠳᠠᠲᠠᠢ ᠠᠳᠬᠤᠵᠤ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠭᠤᠣᠯᠳᠠᠯᠭ᠎ᠠ ᠲᠠᠢ ᠦᠨᠡᠨᠬᠦ ᠠᠳᠬᠤᠨ ᠪᠣᠳᠠᠲᠠᠢ ᠠᠵᠢᠯᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠮᠤ ᠳ᠋ᠠᠶᠢᠲ᠋ᠠ ᠶᠢ ᠠᠰᠢᠭᠯᠠᠨ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ᠂ ᠴᠠᠯᠢᠩ ᠥᠷᠢᠲᠦᠬᠦ᠂ ᠨᠠᠰᠤᠵᠢᠯ ᠤᠨ ᠠᠰᠠᠷᠠᠮᠵᠢ᠂ ᠣᠷᠣᠰᠢᠭᠤᠯᠭ᠎ᠠ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠤ ᠭᠤᠣᠯᠳᠠᠯᠭ᠎ᠠ ᠲᠠᠢ ᠭᠤᠭᠴᠤᠭ᠎ᠠ ᠳᠤ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠭᠦᠨᠵᠡᠭᠡᠢ ᠥᠷᠨᠢᠭᠦᠯᠵᠦ᠂ ᠨᠠᠷᠢᠨ ᠨᠢᠮᠪᠠᠢ ᠡᠮᠬᠢᠯᠡᠵᠦ᠂ ᠠᠰᠠᠭᠤᠳᠠᠯ ᠤᠨ ᠤᠨᠢᠨ ᠳᠡᠭᠡᠷ᠎ᠡ ᠨᠢ ᠪᠠᠶᠢᠷᠢ ᠲᠣᠭᠲᠠᠭᠠᠯᠲᠠ ᠬᠢᠵᠦ᠂ ᠯᠠᠪᠳᠠᠭᠤᠨ ᠪᠠᠲᠤᠲᠠᠢ ᠪᠠᠶᠢᠴᠠᠭᠠᠨ ᠲᠤᠳᠤᠯᠠᠵᠤ᠂ ᠢᠯᠡᠷᠡᠭᠦᠯᠦᠭᠰᠡᠨ ᠠᠰᠠᠭᠤᠳᠠᠯ ᠢ ᠦᠨᠡᠨᠬᠦ ᠬᠡᠷᠡᠭᠵᠢᠭᠦᠯᠵᠦ ᠪᠣᠯᠬᠤᠶᠢᠴᠠ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠶᠢ ᠲᠣᠭᠲᠠᠭᠠᠵᠤ᠂ ︽ᠨᠠᠷᠢᠨ ᠲᠠᠩᠰᠠ ᠶᠢᠨ ᠪᠢᠲᠡᠭᠦᠮᠵᠢᠯᠡᠭᠰᠡᠨ︾ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠳᠤᠲᠠᠭᠤᠳᠠᠯ ᠪᠠᠭᠤᠷᠠᠢ ᠲᠠᠯ᠎ᠠ ᠪᠠᠨ ᠨᠥᠬᠦᠪᠥᠷᠢᠯᠡᠵᠦ᠂ ᠠᠵᠢᠯ ᠤᠨ ᠲᠤᠷᠰᠢᠯᠭ᠎ᠠ ᠪᠠᠨ ᠳ᠋ᠦᠩᠨᠡᠨ ᠪᠣᠯᠪᠠᠰᠤᠷᠠᠭᠤᠯᠵᠤ ᠲᠦᠷᠢᠮ ᠲᠣᠭᠲᠠᠴᠠ ᠪᠣᠯᠭᠠᠨ ᠲᠣᠭᠲᠠᠪᠤᠷᠢᠵᠢᠭᠤᠯᠬᠤ ᠬᠡᠷᠡᠭᠲᠡᠢ᠃ ᠠᠵᠠ ᠲᠣᠬᠢᠶᠠᠯ ᠢ ᠠᠮᠵᠢᠨ ᠦᠨᠳᠦᠰᠦᠨ ᠱᠠᠲᠤᠨ ᠤ ᠠᠩᠬᠠᠨ ᠤ ᠡᠭᠦᠳᠦᠯᠲᠡ ᠶᠢ ᠪᠠᠳᠠᠷᠠᠭᠤᠯᠵᠤ᠂ ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠶ ᠠᠰᠠᠭᠤᠳᠠᠯ ᠢ ᠰᠢᠢᠳᠪᠦᠷᠢᠯᠡᠬᠦ ᠠᠴᠠ ᠭᠠᠷᠳᠠᠵᠤ᠂ ᠬᠡᠪ ᠤᠨ ᠵᠤᠷᠰᠢᠯ ᠠᠴᠠ ᠳᠠᠪᠠᠭᠰᠠᠨ ᠠᠷᠭ᠎ᠠ ᠬᠡᠮᠵᠢᠶ᠎ᠡ ᠠᠪᠴᠤ᠂ ᠣᠷᠣᠨ ᠪᠠᠶᠢᠷᠢ ᠪᠠᠨ ᠰᠣᠯᠢᠵᠤ ᠰᠡᠳᠬᠢᠨ ᠪᠣᠳᠣᠯᠬᠢᠯᠠᠵᠤ᠂ ᠨᠢᠭᠡ ᠪᠦᠯᠦᠭ ᠠᠷᠬᠠᠭ ᠭᠡᠮ ᠢ ᠰᠢᠢᠳᠪᠦᠷᠢᠯᠡᠬᠦ ᠶᠢ ᠠᠬᠢᠭᠤᠯᠵᠤ᠂ ᠨᠢᠭᠡ ᠪᠦᠯᠦᠭ ᠬᠦᠴᠢᠷ ᠶᠠᠪᠤᠳᠠᠯ ᠪᠠᠴᠢᠮ ᠶᠠᠪᠤᠳᠠᠯ ᠢ ᠰᠢᠢᠳᠪᠦᠷᠢᠯᠡᠵᠦ᠂ ᠲᠥᠪ ᠭᠤᠣᠯᠴᠢ ᠰᠢᠳᠤᠷᠭᠤ ᠶᠣᠰᠣᠨ ᠤ ᠨᠡᠶᠢᠭᠡᠮ ᠤᠨ ᠣᠷᠴᠢᠨ ᠨᠥᠬᠦᠴᠡᠯ ᠢ ᠦᠷᠭᠦᠯᠵᠢᠯᠡᠨ ᠪᠤᠢ ᠪᠣᠯᠭᠠᠵᠤ᠂ ᠤᠯᠠᠨ ᠲᠦᠮᠡᠨ ᠳᠤ ᠰᠢᠨ᠎ᠡ ᠬᠤᠪᠢᠷᠠᠯᠲᠠ ᠶᠢ ᠦᠵᠡᠭᠦᠯᠵᠦ᠂ ᠦᠨᠡᠨ ᠪᠣᠳᠠᠲᠤ ᠠᠰᠢᠭ ᠬᠦᠷᠲᠡᠭᠡᠬᠦ ᠬᠡᠷᠡᠭᠲᠡᠢ᠃   
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号