ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2025 ᠣᠨ ᠤ ᠲᠠᠪᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/17
     4 ᠰᠠᠷ᠎ᠠ ᠶᠢᠨ 16 ᠤ ᠡᠳᠦᠷ ᠤᠨ ᠦᠳᠡ ᠶᠢᠨ ᠬᠤᠶᠢᠨ᠎ᠠ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠯᠢᠦ ᠬᠤ᠋ ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2025 ᠣᠨ ᠤ ᠲᠠᠪᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠪᠦᠬᠦ ᠲᠤᠭᠤᠷᠢᠭ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠵᠦ ᠭᠠᠯ ᠤᠨᠲᠠᠷᠠᠭᠠᠬᠤ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠬᠤ᠂ ᠪᠠᠷᠢᠯᠭ᠎ᠠ ᠶᠢᠨ ᠳᠤᠯᠠᠭᠠᠨ ᠢ ᠬᠠᠮᠠᠭᠠᠯᠠᠬᠤ ᠮᠠᠲ᠋ᠧᠷᠢᠶᠠᠯ ᠤᠨ ᠠᠮᠤᠷ ᠲᠦᠪᠰᠢᠨ ᠤ ᠭᠡᠮ ᠰᠣᠭᠤᠭ ᠢ ᠪᠦᠬᠦ ᠬᠡᠯᠬᠢᠶ᠎ᠡ ᠪᠠᠷ ᠴᠡᠭᠴᠡᠯᠡᠨ ᠵᠠᠰᠠᠬᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠳᠣᠬᠠᠨ ᠳᠤ ᠶᠠᠭ ᠬᠠᠪᠤᠷ ᠤᠨ ᠤᠯᠠᠷᠢᠯ ᠤᠨ ᠭᠠᠯ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭ᠎ᠠ ᠪᠤᠯᠵᠤ ᠪᠠᠶᠢᠨ᠎ᠠ᠂ ᠡᠯ᠎ᠡ ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ ᠤᠨ ᠡᠨᠡ ᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠪᠠᠬᠢᠯᠡᠯᠲᠡ ᠪᠠᠨ ᠴᠢᠩᠭ᠎ᠠ ᠰᠠᠬᠢᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠨᠠᠷᠢᠨ ᠪᠣᠳᠠᠲᠠᠢ ᠬᠢᠵᠦ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠰᠠᠯᠠᠭ᠎ᠠ ᠮᠥᠴᠢᠷ ᠤᠨ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠵᠤ᠂ ᠬᠠᠰᠢ ᠶᠠᠰᠢ ᠥᠩᠭᠡᠷᠡᠭᠦᠯᠬᠦ ᠦᠭᠡᠢ᠂ ᠥᠨᠴᠥᠭ ᠪᠤᠯᠤᠩ ᠦᠯᠡᠳᠡᠭᠡᠬᠦ ᠦᠭᠡᠢ ᠪᠠᠶᠢᠵᠤ᠂ ᠠᠰᠠᠭᠤᠳᠠᠯ ᠤᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠪᠢᠲᠡᠭᠦᠮᠵᠢᠯᠡᠭᠰᠡᠨ ᠴᠡᠭᠴᠡᠯᠡᠨ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ ᠠᠵᠢᠯ ᠲᠥᠷᠥᠯ ᠤᠨ ᠬᠦᠷᠢᠶᠡᠨ ᠤ ᠣᠨᠴᠠᠯᠢᠭ ᠢ ᠦᠨᠳᠦᠰᠦᠯᠡᠨ᠂ ᠡᠯ᠎ᠡ ᠲᠥᠷᠥᠯ ᠤᠨ ᠪᠦᠲᠦᠮᠵᠢᠲᠡᠶ ᠪᠥᠭᠡᠳ ᠲᠤᠰᠠᠲᠠᠶ ᠪᠥᠬᠦ ᠠᠵᠢᠯᠲᠠᠨ ᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠪᠠᠶᠢᠩᠭᠤᠵᠢᠭᠤᠯᠤᠨ ᠥᠷᠨᠢᠭᠦᠯᠵᠦ᠂ ᠭᠡᠨᠡᠳᠲᠡ ᠶᠢᠨ ᠭᠠᠮᠰᠢᠭᠲᠤ ᠴᠠᠭ ᠠᠭᠤᠷ ᠵᠡᠷᠭᠡ ᠲᠣᠭᠲᠠᠮᠠᠯ ᠪᠤᠰᠤ ᠬᠦᠴᠦᠨ ᠵᠦᠢᠯ ᠢ ᠴᠠᠭ ᠲᠤᠬᠠᠶ ᠳᠤᠨᠢ ᠡᠵᠡᠮᠰᠢᠨ᠂ ᠭᠡᠨᠡᠳᠲᠡ ᠶᠢᠨ ᠬᠡᠷᠡᠭ ᠤᠨ ᠪᠡᠯᠡᠳᠬᠡᠯ ᠲᠥᠰᠦᠯ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠤᠷᠢᠳᠴᠢᠯᠠᠨ ᠰᠠᠶᠢᠲᠤᠷ ᠬᠢᠵᠦ᠂ ᠠᠳᠡᠯ ᠢ ᠰᠡᠷᠭᠡᠶᠢᠯᠡᠬᠦ ᠪᠣᠳᠠᠲᠤ ᠦᠷ᠎ᠡ ᠪᠦᠲᠦᠮᠵᠢ ᠪᠠᠷ ᠠᠵᠢᠯ ᠤᠨ ᠡᠴᠦᠰ ᠤᠨ ᠦᠷ᠎ᠡ ᠪᠦᠲᠦᠮᠵᠢ ᠶᠢ ᠰᠢᠯᠭᠠᠨ ᠪᠠᠶᠢᠴᠠᠭᠠᠵᠤ᠂ ᠬᠠᠷᠢᠶ᠎ᠠ ᠣᠷᠣᠨ ᠤ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠰᠠᠶᠢᠲᠤᠷ ᠬᠠᠮᠠᠭᠠᠯᠠᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ︽ᠤᠳᠠ ᠲᠣᠭᠤᠷᠢᠭ ᠤᠨ ︿ᠲᠠᠪᠤᠨ ᠶᠡᠭᠡ ᠡᠭᠦᠷᠭᠡ﹀ ᠶᠢ ᠨᠠᠶᠢᠳᠠᠪᠤᠷᠢᠵᠢᠭᠤᠯᠬᠤ 2025 ᠣᠨ ᠤ ᠭᠤᠤᠯᠳᠠᠯᠭ᠎ᠠ ᠲᠠᠢ ᠠᠵᠢᠯ ᠤᠨ ᠡᠭᠦᠷᠭᠡ ᠶᠢᠨ ᠵᠠᠳᠠᠯᠤᠯᠲᠠ︾ ᠵᠡᠷᠭᠡ ᠪᠢᠴᠢᠭ ᠮᠠᠲ᠋ᠧᠷᠢᠶᠠᠯ ᠢ ᠰᠤᠳᠤᠯᠵᠤ᠂ ᠡᠭᠦᠷᠭᠡ ᠶᠢ ᠤᠯᠠᠮ ᠨᠢᠭᠡ ᠠᠯᠬᠤᠮ ᠰᠤᠳᠤᠯᠤᠨ ᠨᠤᠲᠠᠯᠠᠵᠤ᠂ ᠡᠯ᠎ᠡ ᠵᠦᠢᠯ ᠤᠨ ᠠᠵᠢᠯ ᠢ ᠬᠦᠴᠦᠲᠡᠶ ᠪᠥᠭᠡᠳ ᠡᠮᠬᠢ ᠵᠢᠷᠤᠮ ᠲᠠᠢ ᠠᠬᠢᠭᠤᠯᠬᠤ ᠶᠢ ᠦᠨᠡᠨ ᠬᠦ ᠪᠠᠲᠤᠯᠠᠵᠤ᠂ ᠬᠠᠷᠠᠯᠲᠠ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃   
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号