ᠶᠠᠨ ᠸᠧᠨ ᠯᠦᠩ ᠤᠯᠤᠰ ᠲᠦᠷᠦ ᠬᠠᠤᠯᠢ ᠴᠠᠭᠠᠵᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/4/21
      4 ᠰᠠᠷ᠎ᠠ ᠶᠢᠨ 18 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ ᠤᠯᠤᠰ ᠲᠦᠷᠦ ᠬᠠᠤᠯᠢ ᠴᠠᠭᠠᠵᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃ ᠲᠣᠭᠤᠷᠢᠭ ᠤᠨ ᠤᠳᠤᠷᠢᠳᠤᠯᠭ᠎ᠠ ᠭᠦᠸᠧ ᠱᠢ ᠯᠦᠩ᠂ ᠰᠢᠤᠢ ᠢ ᠱᠦ᠂ ᠹᠧᠩ ᡁᠢ ᠣᠷᠣᠯᠴᠠᠪᠠ᠃      ᠶᠠᠨ ᠸᠧᠨ ᠯᠦᠩ ᠤᠷᠢᠳ ᠬᠤᠵᠢᠳ ᠤᠳᠠ ᠶᠢᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠲᠣᠭᠤᠷᠢᠭ ᠤᠨ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠲᠥᠪ᠂ ᠰᠢᠨᠳᠠ ᠵᠡᠭᠡᠯᠢ ᠭᠤᠳᠤᠮᠵᠢ ᠶᠢᠨ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠲᠥᠪ ᠲᠤ ᠬᠦᠷᠴᠦ᠂ ᠪᠠᠶᠢᠳᠠᠯ ᠢ ᠵᠢᠯᠣᠭᠤᠳᠬᠤ ᠲᠥᠪ ᠤᠨ ᠠᠵᠢᠯᠯᠠᠭᠠᠨ᠂ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠠᠶᠢᠭᠤᠯᠤᠯᠲᠠ ᠪᠣᠯᠤᠨ ᠦᠨᠳᠦᠰᠦᠨ ᠱᠠᠲᠤᠨ ᠤ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠰᠢᠢᠳᠪᠦᠷᠢᠯᠡᠭᠰᠡᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠡᠯᠡᠭᠰᠡᠨ ᠨᠢ᠂ ᠳᠣᠲᠣᠭᠠᠳᠤ ᠶᠢ ᠬᠠᠮᠠᠭᠠᠯᠠᠬᠤ ᠰᠢᠰᠲ᠋ᠧᠮ ᠤᠨ ᠬᠢᠨ ᠠᠷᠠᠳ ᠤᠨ ᠳᠣᠲᠣᠭᠠᠳᠤ ᠶᠢ ᠬᠠᠮᠠᠭᠠᠯᠠᠬᠤ ᠨᠢ ᠠᠷᠠᠳ ᠲᠦᠮᠡᠨ ᠤ ᠲᠥᠯᠥᠭᠡ᠂ ᠳᠣᠲᠣᠭᠠᠳᠤ ᠶᠢ ᠬᠠᠮᠠᠭᠠᠯᠠᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠶᠢᠨ ᠲᠣᠭᠤᠷᠢᠨ ᠳᠤ᠂ ᠡᠭᠦᠷᠭᠡ ᠴᠢᠳᠠᠪᠬᠢ ᠶᠢᠨ ᠦᠢᠯᠡᠳᠦᠯ ᠢᠶᠠᠨ ᠪᠠᠳᠠᠷᠠᠭᠤᠯᠵᠤ᠂ ᠲᠤᠮᠤ ᠳ᠋ᠠᠶᠢᠲ᠋ᠠ ᠪᠠᠷ ᠦᠨᠳᠦᠰᠦᠨ ᠱᠠᠲᠤᠨ ᠤ ᠴᠠᠭᠳᠠᠭᠠᠨ ᠤ ᠶᠠᠪᠤᠳᠠᠯ ᠤᠨ ᠪᠣᠳᠠᠲᠤ ᠪᠠᠶᠢᠯᠳᠤᠭᠠᠨ ᠪᠠ ᠨᠡᠶᠢᠭᠡᠮ ᠤᠨ ᠲᠠᠯ᠎ᠠ ᠶᠢᠨ ᠪᠣᠰᠤᠭ᠎ᠠ ᠴᠣᠭᠴᠠ ᠪᠠᠷ ᠲᠣᠭᠤᠷᠢᠨ ᠡᠵᠡᠮᠳᠡᠬᠦ ᠶᠢ ᠴᠢᠩᠭᠠᠳᠬᠠᠵᠤ᠂ ᠨᠡᠭᠦᠳᠡᠯ ᠬᠥᠮᠦᠨ ᠠᠮᠠ ᠪᠠ ᠲᠦᠷᠢᠶᠡᠰᠦᠨ ᠭᠡᠷ ᠪᠠᠶᠢᠰᠢᠩ ᠤᠨ ᠬᠠᠮᠢᠶᠠᠷᠤᠯᠲᠠ ᠶᠢ ᠴᠢᠩᠭᠠᠳᠬᠠᠵᠤ᠂ ᠵᠥᠷᠢᠴᠡᠯ ᠵᠠᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠢ ᠪᠣᠳᠠᠲᠠᠢ ᠨᠠᠷᠢᠯᠢᠭ ᠬᠢᠵᠦ᠂ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠵᠠᠰᠠᠬᠤ᠂ ᠤᠢ ᠰᠢᠭᠤᠢ ᠡᠪᠡᠰᠦ ᠪᠡᠯᠴᠢᠭᠡᠷ ᠢ ᠡᠪᠳᠡᠬᠦ᠂ ᠬᠠᠤᠯᠢ ᠪᠤᠰᠤ ᠪᠠᠷ ᠳᠡᠭᠡᠭᠰᠢ ᠰᠤᠷᠪᠤᠯᠵᠢᠯᠠᠬᠤ ᠵᠡᠷᠭᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠢᠳᠬᠡᠵᠦ᠂ ᠪᠦᠬᠦ ᠬᠦᠴᠦᠨ ᠢᠶᠠᠷ ᠢᠶᠠᠨ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ᠂ ᠬᠥᠭᠵᠢᠯᠲᠡ ᠶᠢ ᠠᠬᠢᠭᠤᠯᠬᠤ ᠬᠡᠷᠡᠭᠲᠡᠢ᠃ ᠲᠤᠭᠤᠷᠢᠭ ᠤᠨ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠠᠵᠢᠯᠯᠠᠭᠠᠨ ᠤ ᠲᠣᠭᠲᠠᠴᠠ ᠶᠢ ᠰᠢᠯᠢᠳᠡᠭᠵᠢᠭᠦᠯᠦᠨ᠂ ᠠᠵᠢᠯᠯᠠᠭᠠᠨ ᠤ ᠶᠠᠪᠤᠴᠠ ᠶᠢ ᠵᠢᠷᠤᠮᠵᠢᠭᠤᠯᠵᠤ᠂ ᠮᠡᠳᠡᠭᠡ ᠵᠠᠩᠭᠢ ᠴᠤᠭᠯᠠᠭᠤᠯᠬᠤ᠂ ᠡᠭᠦᠷᠭᠡ ᠵᠢᠭᠠᠨ ᠲᠣᠮᠢᠯᠠᠬᠤ᠂ ᠰᠤᠳᠤᠯᠤᠨ ᠮᠠᠭᠠᠳᠯᠠᠵᠤ ᠤᠷᠢᠳᠴᠢᠯᠠᠨ ᠰᠡᠷᠡᠮᠵᠢᠯᠡᠭᠦᠯᠬᠦ᠂ ᠦᠷ᠎ᠡ ᠳ᠋ᠦᠩ ᠢ ᠬᠠᠷᠢᠭᠤ ᠲᠤᠰᠬᠠᠬᠤ ᠵᠡᠷᠭᠡ ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠨᠠᠩ ᠣᠯᠠᠨ ᠨᠡᠶᠢᠭᠡᠮ ᠤᠨ ᠵᠠᠰᠠᠯᠲᠠ ᠶᠢᠨ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠶ᠃ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠲᠥᠪ ᠤᠨ ᠦᠢᠯᠡᠴᠢᠯᠡᠭᠡᠨ ᠤ ᠠᠭᠤᠯᠭ᠎ᠠ᠂ ᠨᠥᠯᠥᠭᠡᠯᠡᠬᠦ ᠷᠠᠳᠢᠦ᠋ᠰ ᠢ ᠴᠢᠨᠠᠭᠰᠢᠳᠠ ᠰᠢᠯᠢᠳᠡᠭᠵᠢᠭᠦᠯᠵᠦ᠂ ᠦᠨᠳᠦᠰᠦᠨ ᠱᠠᠲᠤᠨ ᠤ ᠠᠩᠬ᠎ᠠ ᠡᠭᠦᠳᠦᠯᠲᠡ ᠶᠢ ᠭᠦᠢᠴᠡᠳ ᠪᠠᠳᠠᠷᠠᠭᠤᠯᠵᠤ᠂ ᠨᠡᠶᠢᠭᠡᠮ ᠤᠨ ᠵᠠᠰᠠᠯᠲᠠ ᠶᠢᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ︽ᠪᠣᠳᠠᠲᠤ ᠬᠡᠷᠡᠭᠴᠡᠭᠡ ᠲᠠᠢ᠂ ᠲᠤᠰᠠᠲᠠᠢ︾ ᠵᠠᠷᠴᠢᠮ ᠢ ᠪᠠᠷᠢᠮᠲᠠᠯᠠᠵᠤ᠂ ᠤᠯᠠᠨ ᠲᠦᠮᠡᠨ ᠤ ᠠᠰᠠᠭᠤᠳᠠᠯ ᠲᠤᠯᠭᠠᠷᠠᠪᠠᠯ ᠬᠠᠮᠢᠶᠠᠷᠬᠤ ᠬᠥᠮᠦᠨ ᠲᠠᠢ᠂ ᠬᠢᠬᠦ ᠬᠥᠮᠦᠨ ᠲᠠᠢ᠂ ᠰᠢᠯᠵᠢᠭᠦᠯᠬᠦ ᠬᠥᠮᠦᠨ ᠲᠠᠢ ᠪᠠᠶᠢᠬᠤ ᠶᠢ ᠪᠠᠲᠤᠯᠠᠵᠤ᠂ ᠠᠰᠠᠭᠤᠳᠠᠯ ᠢ ᠪᠦᠬᠦ ᠬᠦᠴᠦᠨ ᠢᠶᠠᠷ ᠢᠶᠠᠨ ᠦᠨᠳᠦᠰᠦᠨ ᠱᠠᠲᠤᠨ ᠳᠤ ᠰᠢᠢᠳᠪᠦᠷᠢᠯᠡᠵᠦ᠂ ᠴᠤᠬᠤᠶᠢᠵᠤ ᠪᠠᠶᠢᠭ᠎ᠠ ᠪᠠᠶᠢᠳᠠᠯ ᠳᠤᠨᠢ ᠰᠢᠢᠳᠪᠦᠷᠢᠯᠡᠬᠦ ᠬᠡᠷᠡᠭᠲᠡᠢ ᠭᠡᠵᠠᠢ᠃
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号