4 ᠰᠠᠷ᠎ᠠ ᠶᠢᠨ 21 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ ᠠᠮᠢ | ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠤᠭᠰᠠᠨ ᠪᠠᠶᠢᠳᠠᠯ ᠢ ᠱᠠᠯᠠᠪᠳᠠᠭᠤᠯᠤᠨ ᠵᠢᠯᠣᠭᠤᠳᠴᠤ | ᠪᠠᠶᠢᠴᠠᠭᠠᠪᠠ᠃ ᠲᠣᠭᠤᠷᠢᠭ ᠤᠨ ᠤᠳᠤᠷᠢᠳᠤᠯᠭ᠎ᠠ ᠰᠢᠤᠢ ᠢ ᠱᠦ᠂ ᠬᠠᠨ ᡁᠢ ᠯᠢᠨ᠂ ᠹᠧᠩ ᡁᠢ ᠣᠷᠣᠯᠴᠠᠪᠠ᠃ | ᠶᠠᠨ ᠸᠧᠨ ᠯᠦᠩ ᠤᠷᠢᠳ ᠬᠤᠵᠢᠳ ᠤᠯᠠᠭᠠᠨᠨᠠᠭᠤᠷ ᠪᠠᠯᠭᠠᠰᠤ᠂ ᠵᠢᠶᠤᠤ ᠽᠢ ᠭᠸᠤ ᠵᠡᠷᠭᠡ ᠭᠠᠵᠠᠷ ᠲᠤ | ᠬᠦᠷᠴᠦ᠂ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ | ᠦᠵᠡᠵᠦ᠂ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠢ ᠲᠤᠬᠠᠢ ᠶᠢᠨ ᠭᠠᠵᠠᠷ ᠲᠤᠨᠢ ᠰᠤᠳᠤᠯᠤᠨ | ᠰᠢᠢᠳᠪᠦᠷᠢᠯᠡᠪᠡ᠃ ᠲᠡᠷᠡ ᠬᠡᠯᠡᠭᠰᠡᠨ ᠨᠢ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ | ᠴᠢᠩᠭᠠᠳᠬᠠᠵᠤ᠂ ᠡᠯ᠎ᠡ ᠲᠥᠷᠥᠯ ᠤᠨ ᠴᠡᠭᠴᠡᠯᠡᠨ ᠰᠠᠶᠢᠵᠢᠷᠠᠭᠤᠯᠬᠤ ᠠᠵᠢᠯ ᠢ ᠲᠥᠪ ᠤᠨ ᠨᠠᠢᠮᠠᠨ ᠲᠣᠭᠲᠠᠭᠠᠯ ᠤᠨ | ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠠᠢ ᠤᠶᠠᠯᠳᠤᠭᠤᠯᠵᠤ᠂ | ᠳᠡᠭᠡᠳᠦ ᠱᠠᠲᠤᠨ ᠤ ᠬᠠᠷᠢᠭᠤ ᠲᠤᠰᠬᠠᠭᠰᠠᠨ ᠠᠰᠠᠭᠤᠳᠠᠯ ᠪᠠ ᠡᠳᠦᠷ ᠲᠤᠲᠤᠮ ᠤᠨ ᠢᠯᠡᠷᠡᠭᠦᠯᠦᠭᠰᠡᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠲᠠᠢ ᠤᠶᠠᠯᠳᠤᠭᠤᠯᠵᠤ᠂ ᠨᠢᠭᠡ ᠨᠢᠭᠡ ᠵᠦᠢᠯ ᠢᠶᠠᠷ ᠴᠢᠩᠭ᠎ᠠ ᠠᠳᠬᠤᠨ ᠪᠣᠳᠠᠲᠠᠶ | ᠠᠳᠬᠤᠵᠤ᠂ ᠨᠢᠭᠡ ᠨᠢᠭᠡ ᠵᠦᠢᠯ ᠢᠶᠠᠷ ᠲᠠᠩᠰᠠ ᠲᠠᠢ ᠬᠠᠷᠭᠤᠭᠤᠯᠵᠤ ᠳ᠋ᠤᠭᠠᠷ ᠢ ᠨᠢ ᠬᠠᠰᠤᠵᠤ᠂ ᠠᠰᠠᠭᠤᠳᠠᠯ ᠢ | ᠰᠢᠢᠳᠪᠦᠷᠢᠯᠡᠬᠦ᠂ ᠬᠥᠭᠵᠢᠯᠲᠡ ᠶᠢ ᠠᠬᠢᠭᠤᠯᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ | ᠪᠦᠷᠢᠨᠰᠢᠭᠦᠯᠬᠦ ᠬᠡᠷᠡᠭᠲᠡᠶ᠃ ᠬᠤᠲᠠ ᠶᠢᠨ ᠤᠰᠤᠲᠤᠯ ᠤᠨ ᠢᠨᠵᠧᠨᠧᠷᠢᠩ ᠲᠠᠢ ᠤᠶᠠᠯᠳᠤᠭᠤᠯᠤᠨ ᠬᠤᠲᠠ ᠶᠢᠨ | ᠲᠣᠭᠤᠷᠢᠭ ᠤᠨ ᠤᠰᠤ ᠵᠠᠯᠠᠬᠤ ᠰᠠᠭᠠᠳ ᠥᠬᠡᠶ ᠪᠠᠶᠢᠬᠤ ᠪᠠ ᠵᠠᠮ ᠤᠨ ᠭᠠᠳᠠᠷᠭᠤ ᠳᠤ ᠤᠰᠤ ᠬᠤᠷᠠᠬᠤ ᠵᠡᠷᠭᠡ | ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠪᠠ ᠴᠠᠭ | ᠲᠤᠬᠠᠶ ᠳᠤᠨᠢ ᠰᠢᠢᠳᠪᠦᠷᠢᠯᠡᠬᠦ ᠶᠢ ᠴᠢᠩᠭᠠᠳᠬᠠᠨ᠂ ᠦᠶᠡᠷ ᠤᠨ ᠬᠤᠭᠤᠴᠠᠭᠠᠨ ᠳᠤ ᠤᠰᠤᠲᠤᠯ ᠤᠨ ᠠᠰᠠᠭᠤᠳᠠᠯ | ᠡᠭᠦᠰᠬᠦ ᠶᠢ ᠪᠦᠲᠦᠮᠵᠢᠲᠡᠶ ᠪᠠᠭᠠᠰᠬᠠᠵᠤ᠂ ᠣᠯᠠᠨ ᠲᠦᠮᠡᠨ ᠤ ᠶᠠᠪᠤᠵᠤ ᠰᠠᠭᠤᠬᠤ ᠠᠮᠤᠷ ᠲᠦᠪᠰᠢᠨ ᠢ ᠪᠠᠲᠤᠯᠠᠬᠤ | ᠬᠡᠷᠡᠭᠲᠡᠶ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠪᠠ ᠡᠰᠢ ᠰᠦᠷᠡᠯ᠂ ᠰᠦᠯᠢᠶᠣᠣ | ᠪᠦᠷᠬᠦᠪᠴᠢ ᠵᠡᠷᠭᠡ ᠬᠠᠲᠤᠨ ᠭᠤᠤᠯ ᠤᠨ ᠰᠠᠪᠠ ᠭᠠᠵᠠᠷ ᠤᠨ ᠲᠠᠷᠢᠶᠠᠯᠠᠩ ᠤᠨ ᠣᠯᠠᠨ ᠡᠬᠢᠳᠤ ᠪᠣᠬᠢᠷᠲᠤᠯ ᠢ | ᠶᠡᠷᠦᠩᠬᠡᠶᠢᠯᠡᠨ ᠵᠠᠰᠠᠬᠤ ᠶᠢ ᠠᠬᠢᠭᠤᠯᠬᠤ ᠲᠠᠢ ᠤᠶᠠᠯᠳᠤᠭᠤᠯᠤᠨ᠂ ᠡᠯ᠎ᠡ ᠲᠥᠷᠥᠯ ᠤᠨ ᠪᠠᠯᠠ ᠮᠥᠩᠭᠦ ᠶᠢ ᠨᠢᠭᠡᠳᠦᠯᠲᠡᠶ | ᠲᠥᠯᠥᠪᠯᠡᠨ ᠭᠦᠢᠴᠡᠳ ᠬᠡᠷᠡᠭᠯᠡᠵᠦ ᠠᠮᠢᠳᠤᠯᠢᠭ ᠬᠡᠷᠡᠭᠯᠡᠵᠦ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ | ᠰᠢᠢᠳᠪᠦᠷᠢᠯᠡᠬᠦ ᠲᠥᠪ ᠤᠨ ᠨᠥᠯᠥᠭᠡᠯᠡᠨ ᠴᠤᠭᠯᠠᠭᠤᠯᠵᠤ ᠰᠢᠩᠭᠡᠭᠡᠬᠦ ᠴᠢᠳᠠᠪᠤᠷᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠳᠠᠷᠢᠵᠤ ᠲᠡᠵᠢᠭᠡᠬᠦ ᠶᠢᠨ ᠣᠷᠴᠢᠯ᠂ ᠬᠠᠷᠢᠯᠴᠠᠨ ᠠᠬᠢᠭᠤᠯᠵᠤ ᠬᠠᠷᠢᠯᠴᠠᠨ ᠠᠬᠢᠭᠤᠯᠬᠤ ᠶᠢ | ᠪᠡᠶᠡᠯᠡᠭᠦᠯᠬᠦ ᠬᠡᠷᠡᠭᠲᠡᠶ᠃ ᠬᠠᠤᠯᠢ ᠪᠤᠰᠤ ᠠᠵᠢᠯᠯᠠᠭ᠎ᠠ ᠳᠤ ᠴᠣᠬᠢᠯᠲᠠ ᠥᠭᠴᠦ ᠬᠠᠤᠯᠢ ᠠᠴᠠ ᠵᠥᠷᠢᠴᠡᠭᠰᠡᠨ ᠢ ᠵᠠᠰᠠᠬᠤ | ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠨᠡᠶᠢᠭᠡᠮ ᠤᠨ ᠲᠠᠯ᠎ᠠ ᠶᠢᠨ ᠪᠣᠰᠤᠭ᠎ᠠ ᠴᠣᠭᠴᠠᠲᠤ ᠲᠣᠭᠤᠷᠢᠨ | ᠰᠡᠷᠭᠡᠶᠢᠯᠡᠯᠲᠡ ᠶᠢ ᠴᠢᠩᠭᠠᠳᠬᠠᠵᠤ᠂ ᠬᠠᠤᠯᠢ ᠪᠤᠰᠤ ᠪᠠᠷ ᠦᠢᠯᠡᠳᠪᠦᠷᠢᠯᠡᠬᠦ᠂ ᠤᠢ ᠰᠢᠭᠤᠢ ᠡᠪᠡᠰᠦ ᠪᠡᠯᠴᠢᠭᠡᠷ ᠢ ᠡᠪᠳᠡᠬᠦ | ᠵᠡᠷᠭᠡ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠬᠦ ᠡᠯ᠎ᠡ ᠲᠦᠷᠦᠯ ᠤᠨ ᠶᠠᠯᠠᠲᠤ ᠠᠵᠢᠯᠯᠠᠭ᠎ᠠ ᠳᠤ ᠬᠠᠤᠯᠢ | ᠶᠣᠰᠣᠭᠠᠷ ᠴᠢᠩᠭ᠎ᠠ ᠴᠣᠬᠢᠯᠲᠠ ᠥᠭᠴᠦ᠂ ᠪᠦᠬᠦ ᠲᠤᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ | ᠴᠢᠨᠠᠷ ᠢ ᠴᠢᠨᠠᠭᠰᠢᠳᠠ ᠪᠠᠬᠢᠵᠢᠭᠦᠯᠦᠨ ᠳᠡᠭᠡᠭᠰᠢᠯᠡᠭᠦᠯᠬᠦ ᠬᠡᠷᠡᠭᠲᠡᠢ ᠭᠡᠵᠠᠢ᠃ |